ᠭᠤᠤ ᠬᠤᠸᠠᠢ ᠵᠢᠩ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/15
      5 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠵᠢᠯᠣᠭᠤᠳᠪᠠ᠃ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ  ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ  ᠣᠷᠣᠯᠴᠠᠪᠠ᠃      ᠪᠦᠦ ᠰᠢᠨ ᠤ ᠳᠡᠭᠡᠳᠦ ᠲᠠᠰ ᠤᠨ ᠣᠶᠣᠨᠴᠢ ᠦᠢᠯᠡᠳᠬᠡᠯ᠂ ᠬᠠᠨ ᠪᠥᠸᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ PVC ᠶᠢᠨ ᠨᠡᠮᠡᠯᠲᠡ ᠡᠳ᠋ ᠤᠨ ᠲᠥᠷᠥᠯ ᠵᠦᠢᠯ ᠶᠠᠭ ᠲᠣᠨᠤᠭ ᠲᠥᠬᠦᠭᠡᠷᠦᠮᠵᠢ ᠶᠢ ᠤᠭᠰᠠᠷᠠᠵᠤ ᠲᠣᠬᠢᠷᠠᠭᠤᠯᠤᠨ ᠲᠤᠷᠰᠢᠵᠤ ᠪᠠᠶᠢᠯ᠎ᠠ᠃ ᠭᠤᠸ ᠬᠤᠸᠠᠢ ᠵᠢᠩ ᠦᠢᠯᠡᠳᠪᠦᠷᠢ ᠶᠢᠨ ᠲᠠᠰᠤᠭ ᠲᠤ ᠣᠷᠣᠵᠤ᠂ ᠲᠥᠷᠥᠯ ᠵᠦᠢᠯ ᠵᠢᠴᠢ ᠲᠣᠨᠤᠭ ᠲᠥᠬᠦᠭᠡᠷᠦᠮᠵᠢ ᠤᠭᠰᠠᠷᠠᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠃ ᠠᠵᠤ ᠦᠢᠯᠡᠰ ᠪᠠ ᠲᠥᠷᠥᠯ ᠵᠦᠢᠯ ᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠣᠳᠣᠬᠠᠨ ᠤ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠴᠢᠩᠭ᠎ᠠ ᠠᠳᠬᠤᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠲᠤᠬᠠᠢ ᠶᠢᠨ ᠲᠠᠯᠠᠪᠤᠷ ᠢ ᠰᠠᠶᠢᠲᠤᠷ ᠬᠠᠮᠢᠶᠠᠷᠤᠨ᠂ ᠪᠡᠯᠡ ᠣᠷᠤᠭᠤᠯᠤᠯᠲᠠ ᠶᠢ ᠨᠡᠮᠡᠭᠳᠡᠭᠦᠯᠵᠦ᠂ ᠲᠥᠷᠥᠯ ᠵᠦᠢᠯ ᠢ ᠡᠷᠲᠡ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠣᠲᠤᠭ ᠬᠤᠰᠢᠭᠤᠨ ᠤ ᠰᠢᠨ᠎ᠡ ᠡᠨᠧᠷᠭᠢ ᠶᠢ ᠬᠥᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠲᠥᠷᠥᠯ ᠵᠦᠢᠯ ᠤᠨ ᠦᠢᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠬᠤ ᠪᠠ ᠠᠮᠢ ᠠᠬᠤᠢ ᠶᠢᠨ ᠨᠣᠭᠤᠭᠠᠷᠠᠭᠤᠯᠤᠯᠲᠠ ᠬᠢᠬᠦ ᠠᠵᠢᠯ ᠢ ᠵᠡᠷᠭᠡᠪᠡᠷ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠨᠠᠩ ᠰᠢᠯᠢᠳᠡᠭ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠪᠡ᠃      ᠪᠠᠢ ᠱᠦᠨ ᠲᠦᠩ ᠴᠠᠬᠢᠯᠭᠠᠨ ᠡᠭᠦᠰᠬᠡᠭᠴᠢ ᠮᠠᠶ᠋ᠢᠭ ᠤᠨ ᠬᠠᠭᠠᠰ ᠴᠢᠷᠦᠭᠦᠯ ᠲᠡᠷᠭᠡ᠂ ᠴᠧᠩ ᠫᠢᠩ ᠬᠢᠮᠢ ᠶᠢᠨ ᠠᠵᠤ ᠦᠢᠯᠡᠳᠪᠦᠷᠢ ᠶᠢᠨ ᠡᠮ ᠡᠮᠨᠡᠯᠭᠡ ᠶᠢᠨ ᠵᠠᠪᠰᠠᠷ ᠤᠨ ᠪᠡᠶ᠎ᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠠᠵᠢᠯᠴᠢᠳ ᠶᠠᠭ ᠪᠠᠷᠢᠯᠭ᠎ᠠ ᠶᠢᠨ ᠠᠵᠢᠯ ᠳᠠᠭᠠᠨ ᠶᠠᠭᠠᠷᠠᠵᠠᠭᠠᠵᠤ ᠪᠠᠶᠢᠯ᠎ᠠ᠃ ᠭᠤᠤ ᠬᠤᠸᠠᠢ ᠵᠢᠩ ᠲᠦᠷᠦᠯ ᠵᠦᠢᠯ ᠤᠨ ᠲᠥᠯᠦᠪᠵᠢᠭᠦᠯᠭᠡ᠂ ᠪᠠᠷᠢᠯᠭ᠎ᠠ ᠶᠢᠨ ᠠᠵᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠪᠣᠳᠠᠲᠠᠢ ᠠᠳᠬᠤᠵᠤ᠂ ᠦᠢᠯᠡᠳᠪᠦᠷᠢᠯᠡᠬᠦ ᠪᠤᠶᠤ ᠲᠤᠷᠰᠢᠨ ᠦᠢᠯᠡᠳᠪᠦᠷᠢᠯᠡᠬᠦ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃      ᠢ ᠵᠧᠩ ᠠᠨᠲᠷᠠᠼᠧᠨ ᠤ ᠲᠣᠰᠣ ᠶᠢ ᠨᠠᠷᠢᠯᠢᠭ ᠪᠣᠯᠪᠠᠰᠤᠷᠠᠭᠤᠯᠬᠤ᠂ ᠯᠢ ᠸᠠᠩ ᠵᠠᠪᠰᠠᠷ ᠤᠨ ᠪᠡᠶ᠎ᠡ᠂ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠶᠢᠨ PVB ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠲᠣᠮᠣ ᠬᠡᠯᠪᠡᠷᠢ ᠶᠢᠨ ᠮᠠᠰᠢᠨ ᠲᠡᠷᠭᠡ ᠨᠠᠭᠠᠰᠢ ᠴᠠᠭᠠᠰᠢ ᠵᠥᠷᠢᠯᠳᠦᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢᠳᠡ ᠬᠦᠴᠦᠲᠡᠢ ᠶᠠᠪᠤᠭᠳᠠᠵᠤ ᠪᠠᠶᠢᠯ᠎ᠠ᠃ ᠭᠤᠤ ᠬᠤᠸᠠᠢ ᠵᠢᠩ ᠵᠠᠬ᠎ᠠ ᠳᠡᠯᠭᠡᠭᠦᠷ ᠢ ᠥᠷᠭᠡᠳᠬᠡᠬᠦ ᠵᠢᠴᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠬᠢᠨᠠᠮᠠᠭᠠᠢ ᠰᠣᠨᠣᠰᠪᠠ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠤᠨ ᠬᠢᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠮᠤᠭ ᠤᠨ ᠲᠡᠷᠢᠭᠦᠨ ᠤ ᠲᠤᠨᠤᠭ ᠲᠥᠬᠦᠭᠡᠷᠦᠮᠵᠢ᠂ ᠮᠡᠷᠭᠡᠵᠢᠯ ᠪᠣᠯᠣᠨ ᠬᠠᠮᠢᠶᠠᠷᠤᠯᠲᠠ ᠶᠢᠨ ᠪᠦᠯᠬᠦᠮ ᠢ ᠣᠷᠣᠭᠤᠯᠵᠤ ᠠᠪᠴᠢᠷᠠᠨ᠂ ᠰᠢᠨ᠎ᠡ ᠬᠦᠷᠢᠶ᠎ᠡ ᠬᠡᠪᠴᠢᠶᠡᠨ ᠳᠤ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ᠃ ᠰᠢᠶᠠᠨ ᠤ ᠱᠠᠲᠤᠨ ᠤ ᠤᠳᠤᠷᠢᠳᠤᠯᠭ᠎ᠠ ᠠᠵᠤ ᠠᠬᠤᠶᠢᠯᠠᠯ ᠢ ᠬᠤᠯᠪᠣᠭᠠᠯᠠᠨ ᠳᠠᠭᠠᠭᠠᠴᠢᠯᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠠᠪᠴᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ