ᠣᠲᠤᠭ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/16
              ᠣᠲᠤᠭ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ               ᠳᠦᠷᠢᠮ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ               ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                                        ᠣᠲᠤᠭ ᠵᠠᠰᠠᠭ ᠠᠯᠪᠠᠨ ᠲᠠᠷᠬᠠᠭᠠᠭᠰᠠᠨ ﹇2024﹈ 26 ᠳ᠋ᠤᠭᠠᠷ ᠲᠣᠭᠠᠲᠤᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄       ︽ᠣᠲᠤᠭ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                                                                  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                        2024 ᠣᠨ ᠤ 5 ᠳ᠋ᠤᠭᠠᠷ ᠰᠠᠷ᠎ᠠ ᠶᠢᠨ 8 ᠤ ᠡᠳᠦᠷ             ᠣᠲᠤᠭ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ              ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠥᠯ      ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠬᠦ ᠪᠠ ᠡᠪᠳᠡᠬᠦ ᠶᠢ ᠴᠢᠩᠭ᠎ᠠ ᠰᠡᠷᠭᠡᠶᠢᠯᠡᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠬᠤᠷᠢᠭᠯᠠᠨ᠂ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠡ᠂ ︽ᠲᠠᠷᠢᠶᠠᠨ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ ︵2020︶ 24 ᠳ᠋ᠦ᠋ᠭᠡᠷ ᠲᠣᠭᠠᠲᠤ︶᠂ ︽ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶᠂ ︽ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 6 ᠳ᠋ᠤᠭᠠᠷ ᠲᠣᠭᠠᠲᠤ︶ ᠪᠣᠯᠣᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠥᠯ︾ ︵ᠣᠷᠳᠣᠰ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ       ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠢ ︽ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ︾ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠡ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠬᠥᠳᠡᠭᠡ ᠲᠣᠰᠬᠤᠨ ᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠡᠯ᠎ᠡ ᠱᠠᠲᠤ ᠡᠯ᠎ᠡ ᠪᠠᠶᠢᠭᠤᠯᠭ᠎ᠠ ᠨᠢᠭᠲᠠ ᠬᠠᠮᠵᠢᠯᠴᠠᠭᠰᠠᠨ᠂ ᠠᠵᠢᠯ ᠢᠶᠠᠨ ᠬᠤᠪᠢᠶᠠᠷᠢᠯᠠᠨ ᠬᠠᠷᠢᠭᠤᠴᠠᠭᠰᠠᠨ᠂ ᠬᠠᠮᠲᠤᠪᠠᠷ ᠠᠳᠬᠤᠨ ᠬᠠᠮᠲᠤᠪᠠᠷ ᠬᠠᠮᠢᠶᠠᠷᠤᠭᠰᠠᠨ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠂ ᠪᠥᠬᠦ ᠬᠤᠰᠢᠭᠤᠨ ᠤ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ ᠪᠦᠭᠡᠳ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠵᠢᠨ‌ᠬᠤᠷᠢᠭ᠎ᠠ ᠱᠤᠭᠤᠮ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃       ︵ᠬᠤᠶᠠᠷ︶ ᠦᠨᠳᠦᠰᠦᠨ ᠵᠠᠷᠴᠢᠮ       —— ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠲᠠᠷᠢᠶᠠᠨ ᠭᠠᠵᠠᠷ ᠢ ᠬᠠᠮᠠᠭᠠᠯᠠᠬᠤ ᠳᠤ ᠲᠤᠭ᠎ᠠ ᠬᠡᠮᠵᠢᠶ᠎ᠡ ᠶᠢ ᠪᠠᠲᠤᠯᠠᠬᠤ ᠮᠥᠷᠲᠡᠭᠡᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢᠨ ᠲᠡᠩᠴᠡᠭᠦᠷᠢᠰᠢᠯ ᠢ ᠲᠤᠭ᠎ᠠ ᠬᠡᠮᠵᠢᠶ᠎ᠡ ᠶᠢᠨ ᠲᠡᠩᠴᠡᠭᠦᠷᠢᠰᠢᠯ ᠠᠴᠠ ᠶᠠᠰᠤ ᠴᠢᠨᠠᠷ ᠤᠨ ᠲᠡᠩᠴᠡᠭᠦᠷᠢᠰᠢᠯ᠂ ᠦᠢᠯᠡᠳᠪᠦᠷᠢᠯᠡᠬᠦ ᠴᠢᠳᠠᠪᠤᠷᠢ ᠶᠢᠨ ᠲᠡᠩᠴᠡᠭᠦᠷᠢᠰᠢᠯ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠬᠤᠪᠢᠶᠠᠷᠢᠯᠠᠨ ᠲᠣᠭᠲᠠᠭᠠᠭᠰᠠᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠣᠨᠴᠠᠭᠠᠶ ᠬᠠᠮᠠᠭᠠᠯᠠᠯᠲᠠ ᠶᠢ ᠬᠡᠷᠡᠭᠵᠢᠭᠦᠯᠦᠨ᠎ᠡ᠂ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ᠃       —— ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠎ᠠ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠠᠷ ᠲᠠᠷᠢᠶᠠᠨ ᠤ ᠳᠠᠷᠤᠭ᠎ᠠ ᠶᠢᠨ ᠲᠠᠰ ᠢ ᠵᠣᠬᠢᠰᠲᠠᠢ ᠲᠣᠬᠢᠷᠠᠭᠤᠯᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ᠶᠢ ᠴᠢᠭᠯᠡᠯᠲᠡ ᠴᠢᠨᠠᠷᠲᠠᠢ ᠲᠠᠢ ᠪᠠᠷ ᠲᠣᠭᠲᠠᠭᠠᠨ᠎ᠠ᠃       —— ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ᠂ ᠪᠠᠶᠢᠭᠤᠯᠭ᠎ᠠ ᠬᠢᠭᠡᠳ ᠭᠠᠵᠠᠷ ᠲᠠᠷᠢᠶᠠᠨ ᠤ ᠭᠠᠵᠠᠷ ᠤᠨ ᠳᠠᠷᠤᠭ᠎ᠠ ᠶᠢᠨ ᠬᠤᠭᠤᠷᠣᠨᠳᠣᠬᠢ ᠬᠠᠷᠢᠯᠴᠠᠭ᠎ᠠ ᠵᠣᠬᠢᠴᠠᠭᠤᠯᠭ᠎ᠠ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠨ᠂ ᠲᠠᠷᠢᠶᠠᠨ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠤᠯᠪᠤᠭᠠᠯᠠᠨ ᠬᠥᠳᠡᠯᠦᠯᠴᠡᠭᠰᠡᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠴᠢᠩᠭ᠎ᠠ ᠠᠷᠭ᠎ᠠ ᠪᠠᠷᠢᠯ ᠢᠶᠠᠷ ᠲᠠᠷᠢᠶᠠᠨ ᠭᠠᠵᠠᠷ ᠢ ᠬᠠᠮᠠᠭᠠᠯᠠᠨ᠎ᠠ᠃       ︵ᠭᠤᠷᠪᠠ︶ ᠠᠵᠢᠯ ᠤᠨ ᠬᠠᠷᠠᠯᠲᠠ᠃ 2024 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠲᠣᠭᠲᠠᠭᠠᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠴᠠ ᠶᠢ ᠪᠠᠶᠢᠭᠤᠯᠤᠨ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ᠂ ᠶᠠᠰᠤ ᠴᠢᠨᠠᠷ ᠢ ᠳᠡᠭᠡᠭᠰᠢᠯᠡᠭᠦᠯᠬᠦ᠂ ᠠᠮᠢ ᠠᠬᠤᠢ ᠶᠢ ᠰᠠᠶᠢᠵᠢᠷᠠᠭᠤᠯᠬᠤ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ᠃       ᠬᠤᠶᠠᠷ᠂ ᠠᠵᠢᠯ ᠤᠨ ᠡᠭᠦᠷᠭᠡ       ︵ᠨᠢᠭᠡ︶ ᠭᠠᠵᠠᠷ ᠲᠠᠷᠢᠶᠠᠨ ᠤ ᠳᠠᠷᠤᠭ᠎ᠠ ᠶᠢᠨ ᠲᠣᠬᠢᠷᠠᠭᠤᠯᠤᠯᠲᠠ ᠪᠠ ᠲᠡᠭᠦᠨ ᠤ ᠡᠭᠦᠷᠭᠡ ᠬᠠᠷᠢᠭᠤᠴᠠᠯᠭ᠎ᠠ᠃ ᠭᠠᠵᠠᠷ ᠲᠠᠷᠢᠶᠠᠨ ᠤ ᠳᠠᠷᠤᠭ᠎ᠠ ᠶᠢ ᠲᠣᠬᠢᠷᠠᠭᠤᠯᠬᠤ ᠳᠤ ᠭᠠᠴᠠᠭ᠎ᠠ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠠᠷ ᠭᠤᠣᠯ ᠴᠣᠭᠴᠠ ᠪᠣᠯᠭᠠᠵᠤ᠂ ᠭᠠᠴᠠᠭ᠎ᠠ ᠲᠤᠰᠬᠤᠨ ᠤ ︽ᠬᠤᠶᠠᠷ ᠵᠥᠪᠯᠡᠯ︾ ᠤᠨ ᠭᠤᠣᠯ ᠬᠠᠷᠢᠭᠤᠴᠠᠯᠭᠠᠲᠠᠨ ᠢᠶᠠᠷ ᠭᠠᠵᠠᠷ ᠲᠠᠷᠢᠶᠠᠨ ᠤ ᠳᠠᠷᠤᠭ᠎ᠠ ᠪᠣᠯᠭᠠᠨ᠂ ︽ᠬᠤᠶᠠᠷ ᠵᠥᠪᠯᠡᠯ︾ ᠤᠨ ᠪᠦᠷᠢᠯᠳᠦᠭᠦᠨ᠂ ᠭᠠᠴᠠᠭ᠎ᠠ ᠲᠤᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ᠂ ᠭᠠᠴᠠᠭ᠎ᠠ ᠲᠤᠰᠬᠤᠨ ᠤ ᠠᠷᠠᠳ ᠤᠨ ᠲᠥᠯᠥᠭᠡᠯᠡᠭᠴᠢ ᠪᠤᠶᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭᠠᠲᠠᠨ ᠢᠶᠠᠷ ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ ᠶᠢ ᠥᠷᠢᠰᠦᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠶᠢ ᠵᠣᠷᠢᠭᠵᠢᠭᠤᠯᠤᠨ᠎ᠠ᠃ ᠭᠠᠵᠠᠷ ᠲᠠᠷᠢᠶᠠᠨ ᠤ ᠳᠠᠷᠤᠭ᠎ᠠ ᠪᠠ ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ ᠶᠢ ᠲᠣᠭᠲᠠᠭᠠᠭᠰᠠᠨ ᠤ ᠳᠠᠷᠠᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃       ᠭᠠᠵᠠᠷ ᠲᠠᠷᠢᠶᠠᠨ ᠤ ᠳᠠᠷᠤᠭ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠭᠠᠵᠠᠷ ᠲᠠᠷᠢᠶᠠᠨ ᠤ ᠳᠠᠷᠤᠭ᠎ᠠ ᠪᠣᠯ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠰᠢᠭᠤᠳ ᠬᠠᠷᠢᠭᠤᠴᠠᠯᠭᠠᠲᠠᠨ ᠪᠠᠶᠢᠵᠤ᠂ ᠬᠠᠷᠢᠶ᠎ᠠ ᠣᠷᠣᠨ ᠳᠠᠬᠢ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠡᠳᠦᠷ ᠳᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠬᠠᠷᠢᠭᠤᠴᠠᠨ᠎ᠠ︔ ᠡᠯ᠎ᠡ ᠰᠤᠮᠤ ᠪᠠᠯᠭᠠᠰᠤᠨ ᠤ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠭᠠᠴᠠᠭ᠎ᠠ ᠲᠣᠰᠬᠤᠨ ᠤ ᠳᠣᠲᠣᠷᠠᠬᠢ ᠭᠠᠵᠠᠷ ᠰᠢᠷᠣᠢ ᠳᠠᠭᠠᠭᠠᠴᠢᠯᠠᠭᠰᠠᠨ ᠡᠷᠦᠬᠡ᠂ ᠡᠵᠡᠩᠨᠡᠭᠴᠢ ᠳᠤ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠢᠨ᠎ᠡ︔ ᠬᠠᠷᠢᠶ᠎ᠠ ᠣᠷᠣᠨ ᠤ ᠪᠠᠨ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠰᠠᠶᠢᠲᠤᠷ ᠲᠡᠮᠳᠡᠭᠯᠡᠯ ᠬᠢᠨ᠎ᠡ︔ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠭᠡᠷ ᠪᠠᠶᠢᠰᠢᠩ ᠪᠠᠷᠢᠬᠤ᠂ ᠦᠢᠯᠡᠳᠪᠦᠷᠢ ᠪᠠᠶᠢᠭᠤᠯᠬᠤ᠂ ᠨᠥᠬᠡᠨ ᠭᠡᠷ ᠮᠠᠯᠲᠠᠬᠤ᠂ ᠬᠠᠶᠢᠷ ᠮᠠᠯᠲᠠᠬᠤ᠂ ᠰᠢᠷᠣᠢ ᠠᠪᠬᠤ᠂ ᠲᠡᠵᠢᠭᠡᠨ ᠦᠷᠡᠵᠢᠭᠦᠯᠬᠦ᠂ ᠨᠠᠭᠤᠷ ᠮᠠᠯᠲᠠᠵᠤ ᠦᠵᠡᠮᠵᠢ ᠭᠠᠷᠭᠠᠬᠤ᠂ ᠬᠠᠲᠠᠭᠤ ᠪᠡᠶᠡᠲᠦ ᠪᠣᠳᠠᠰ ᠣᠪᠣᠭᠠᠯᠠᠬᠤ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ᠂ ᠪᠣᠬᠢᠷᠳᠤᠯ ᠪᠤᠳᠠᠰ ᠭᠠᠳᠠᠭᠰᠢᠯᠠᠭᠤᠯᠬᠤ ᠵᠡᠷᠭᠡ ᠦᠶᠯᠡ ᠠᠵᠢᠯᠯᠠᠭ᠎ᠠ ᠶᠢ ᠢᠳᠬᠠᠨ ᠰᠠᠨᠠᠭᠤᠯᠬᠤ ᠶᠢᠨ ᠬᠠᠮᠲᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ︔ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠠᠵᠢᠯᠯᠠᠭ᠎ᠠ ᠪᠠ ᠠᠲᠠᠷᠰᠢᠭᠤᠯᠬᠤ ᠦᠵᠡᠭᠳᠡᠯ ᠢ ᠢᠳᠬᠠᠨ ᠰᠠᠨᠠᠭᠤᠯᠬᠤ ᠶᠢᠨ ᠬᠠᠮᠲᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ ᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠠᠴᠠ ᠭᠠᠳᠠᠨ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠳᠤ ᠰᠢᠭᠤᠳ ᠮᠡᠳᠡᠭᠦᠯᠵᠦ ᠪᠣᠯᠣᠨ᠎ᠠ︔ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠫᠠᠶᠢᠰᠠ ᠢᠯᠡᠷᠬᠡᠶᠢᠯᠡᠯ ᠢ ᠬᠠᠮᠠᠭᠠᠯᠠᠨ᠎ᠠ︔ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠶᠢ ᠬᠠᠪᠰᠤᠷᠤᠨ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠢᠵᠢ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠨ᠎ᠠ︔ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠠᠮᠵᠢᠨ ᠲᠠᠷᠢᠶᠠᠨ ᠭᠠᠵᠠᠷ ᠤᠨ ᠲᠥᠷᠥᠯ ᠵᠦᠢᠯ ᠢ ᠬᠠᠷᠠᠵᠤ ᠬᠠᠮᠠᠭᠠᠯᠠᠨ ᠨᠥᠬᠦᠪᠦᠷᠢᠯᠡᠨ᠎ᠡ︔ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ᠃      ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ ᠶᠢᠨ ᠭᠤᠣᠯ ᠡᠭᠦᠷᠭᠡ ᠬᠠᠷᠢᠭᠤᠴᠠᠯᠭ᠎ᠠ᠄ ᠭᠠᠵᠠᠷ ᠲᠠᠷᠢᠶᠠᠨ ᠤ ᠳᠠᠷᠤᠭ᠎ᠠ ᠶᠢ ᠬᠠᠮᠵᠢᠨ ᠡᠳᠦᠷ ᠲᠤᠲᠤᠮ ᠤᠨ ᠠᠵᠢᠯ ᠢ ᠥᠷᠨᠢᠭᠦᠯᠵᠦ᠂ ᠭᠠᠵᠠᠷ ᠲᠠᠷᠢᠶᠠᠨ ᠤ ᠳᠠᠷᠤᠭ᠎ᠠ ᠳᠤ ᠡᠳᠦᠷ ᠲᠤᠲᠤᠮ ᠤᠨ ᠢᠯᠡᠷᠡᠭᠦᠯᠦᠭᠰᠡᠨ ᠠᠰᠠᠭᠤᠳᠠᠯ ᠢ ᠮᠡᠳᠡᠭᠦᠯᠦᠨ᠂ ᠢᠯᠡᠷᠡᠭᠦᠯᠦᠭᠰᠡᠨ ᠬᠠᠤᠯᠢ ᠵᠥᠷᠢᠴᠡᠭᠰᠡᠨ ᠬᠦᠨᠳᠦ ᠶᠡᠭᠡ ᠠᠰᠠᠭᠤᠳᠠᠯ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠳᠤ ᠰᠢᠭᠤᠳ ᠮᠡᠳᠡᠭᠦᠯᠵᠦ ᠪᠣᠯᠣᠨ᠎ᠠ᠃       ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠡᠯ᠎ᠡ ᠰᠤᠮᠤ ᠪᠠᠯᠭᠠᠰᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ ᠲᠣᠭᠲᠠᠭᠠᠬᠤ ᠪᠠ ᠬᠡᠷᠡᠭᠵᠢᠭᠦᠯᠬᠦ ᠶᠢ ᠱᠠᠭᠠᠷᠳᠠᠨ ᠵᠢᠯᠣᠭᠤᠳᠤᠨ᠎ᠠ᠃       ᠡᠯ᠎ᠡ ᠰᠤᠮᠤ ᠪᠠᠯᠭᠠᠰᠤ ᠨᠢ ᠬᠠᠷᠢᠶ᠎ᠠ ᠣᠷᠣᠨ ᠤ ᠳᠣᠲᠣᠷᠠᠬᠢ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ᠂ ᠡᠯ᠎ᠡ ᠭᠠᠴᠠᠭ᠎ᠠ ᠲᠣᠰᠬᠤᠨ ᠤ ᠭᠠᠵᠠᠷ ᠲᠠᠷᠢᠶᠠᠨ ᠤ ᠳᠠᠷᠤᠭ᠎ᠠ ︵ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ︶ ᠶᠢ ᠬᠢᠨᠠᠨ ᠰᠢᠯᠭᠠᠷᠠᠭᠤᠯᠵᠤ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠠᠴᠠᠭ᠎ᠠ ᠲᠣᠰᠬᠤᠨ ᠤ ᠱᠠᠲᠤᠨ ᠤ ᠭᠠᠵᠠᠷ ᠲᠠᠷᠢᠶᠠᠨ ᠤ ᠳᠠᠷᠤᠭ᠎ᠠ ᠶᠢᠨ ᠠᠰᠠᠭᠤᠳᠠᠯ ᠮᠡᠳᠡᠭᠦᠯᠬᠦ ᠠᠷᠭ᠎ᠠ ᠵᠠᠮ ᠢ ᠭᠠᠷᠭᠠᠨ᠎ᠠ︔ ᠡᠯ᠎ᠡ ᠭᠠᠴᠠᠭ᠎ᠠ ᠲᠣᠰᠬᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠱᠠᠭᠠᠷᠳᠠᠨ ᠵᠢᠯᠣᠭᠤᠳᠤᠨ᠎ᠠ︔ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠤᠬᠠᠭᠤᠯᠤᠨ᠎ᠠ︔ ᠭᠠᠵᠠᠷ ᠲᠠᠷᠢᠶᠠᠨ ᠤ ᠳᠠᠷᠤᠭ᠎ᠠ ᠪᠠ  ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ ᠳᠤ ᠪᠣᠯᠪᠠᠰᠤᠷᠠᠯ ᠬᠢᠨ᠎ᠡ︔ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ︔ ᠭᠠᠴᠠᠭ᠎ᠠ ᠲᠣᠰᠬᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠰᠢᠯᠭᠠᠷᠠᠭᠤᠯᠤᠨ᠎ᠠ︔ ᠬᠠᠷᠢᠶ᠎ᠠ ᠣᠷᠣᠨ ᠤ ᠳᠣᠲᠣᠷᠠᠬᠢ ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠤᠨ᠎ᠠ︔ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳᠣᠲᠣᠷ᠎ᠠ ᠪᠠ ᠡᠯ᠎ᠡ ᠭᠠᠴᠠᠭ᠎ᠠ ᠲᠣᠰᠬᠤᠨ ᠤ ᠴᠢᠬᠤᠯᠠ ᠭᠠᠵᠠᠷ ᠲᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠤᠬᠠᠢ ᠫᠠᠶᠢᠰᠠ ᠢᠯᠡᠷᠬᠡᠶᠢᠯᠡᠯ ᠭᠠᠷᠭᠠᠵᠤ᠂ ᠲᠠᠷᠢᠶᠠᠨ ᠭᠠᠵᠠᠷ ᠢ ᠨᠥᠬᠦᠪᠦᠷᠢᠯᠡᠬᠦ ᠲᠥᠷᠥᠯ ᠵᠦᠢᠯ ᠤᠨ ᠲᠣᠭᠤᠷᠢᠭ ᠲᠤ ᠲᠠᠷᠢᠶᠠᠨ ᠭᠠᠵᠠᠷ ᠢ ᠨᠥᠬᠦᠪᠦᠷᠢᠯᠡᠬᠦ ᠲᠥᠷᠥᠯ ᠵᠦᠢᠯ ᠤᠨ ᠢᠯᠡ ᠨᠡᠶᠢᠲᠡᠯᠡᠯ ᠤᠨ ᠫᠠᠶᠢᠰᠠ ᠭᠠᠷᠭᠠᠨ᠂ ᠭᠠᠵᠠᠷ ᠲᠠᠷᠢᠶᠠᠨ ᠤ ᠳᠠᠷᠤᠭ᠎ᠠ ︵ᠲᠣᠣᠷᠴᠢᠯᠠᠭᠰᠠᠨ ᠭᠠᠵᠠᠷ ᠲᠠᠷᠢᠶᠠᠨ ᠤ ᠳᠠᠷᠤᠭ᠎ᠠ︶ ᠶᠢ ᠬᠠᠮᠵᠢᠨ ᠬᠠᠷᠠᠵᠤ ᠬᠠᠮᠠᠭᠠᠯᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠳᠤ ᠲᠥᠬᠦᠮ ᠦᠵᠡᠭᠦᠯᠦᠨ᠎ᠡ︔ ᠠᠯᠤᠰ ᠰᠡᠷᠡᠯ ᠤᠨ ᠲᠤᠭ᠎ᠠ ᠪᠠᠷᠢᠮᠲᠠ᠂ ᠵᠢᠯᠣᠭᠤᠴᠢ ᠦᠭᠡᠢ ᠨᠢᠰᠬᠡᠯ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠰᠢᠭᠯᠠᠨ᠂ ᠮᠡᠳᠡᠭᠡ ᠵᠠᠩᠭᠢᠵᠢᠯᠲᠠ ᠶᠢᠨ ᠠᠷᠭ᠎ᠠ ᠮᠠᠶ᠋ᠢᠭ ᠢᠶᠠᠷ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠥᠬᠦ ᠲᠠᠯ᠎ᠠ ᠪᠠᠷ ᠬᠢᠨᠠᠨ ᠬᠠᠮᠢᠶᠠᠷᠤᠨ᠎ᠠ᠃       ᠡᠯ᠎ᠡ ᠭᠠᠴᠠᠭ᠎ᠠ ᠲᠣᠰᠬᠤᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ︔ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠢ ᠬᠠᠷᠢᠭᠤᠴᠠᠬᠤ ᠬᠥᠮᠥᠰ ᠢ ᠲᠣᠳᠣᠷᠬᠠᠶᠢᠯᠠᠨ᠎ᠠ︔ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ︔ ᠭᠠᠵᠠᠷ ᠲᠠᠷᠢᠶᠠᠨ ᠤ ᠳᠠᠷᠤᠭ᠎ᠠ ᠶᠢᠨ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠣᠨ ᠤ ᠬᠢᠨᠠᠨ ᠰᠢᠯᠭᠠᠷᠠᠭᠤᠯᠤᠯᠲᠠ ᠬᠢᠨ᠎ᠡ︔ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠨ᠎ᠠ︔ ᠲᠠᠷᠢᠶᠠᠨ ᠭᠠᠵᠠᠷ ᠢ ᠨᠥᠬᠦᠪᠦᠷᠢᠯᠡᠬᠦ ᠲᠥᠷᠥᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ︔ ᠲᠣᠭᠲᠠᠮᠠᠯ ᠬᠤᠭᠤᠴᠠᠭ᠎ᠠ ᠲᠠᠢ ᠪᠠᠷ ᠭᠠᠵᠠᠷ ᠲᠠᠷᠢᠶᠠᠨ ᠤ ᠳᠠᠷᠤᠭ᠎ᠠ ᠶᠢᠨ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠵᠤ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠢ ᠬᠠᠷᠢᠭᠤ ᠮᠡᠳᠡᠭᠦᠯᠦᠨ᠂ ᠠᠵᠢᠯ ᠤᠨ ᠰᠠᠨᠠᠭᠤᠯᠭ᠎ᠠ ᠪᠠ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠳᠤᠷᠠᠳᠤᠨ᠎ᠠ᠃       ︵ᠭᠤᠷᠪᠠ︶ ᠬᠢᠨᠠᠨ ᠰᠢᠯᠭᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠤᠨ ᠪᠠᠶᠢᠳᠠᠯ ᠢ ᠡᠯ᠎ᠡ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠡᠭᠦᠷᠭᠡ ᠶᠢ ᠬᠢᠨᠠᠨ ᠰᠢᠯᠭᠠᠷᠠᠭᠤᠯᠬᠤ ᠲᠣᠭᠲᠠᠯᠴᠠᠭ᠎ᠠ ᠳᠤ ᠣᠷᠣᠭᠤᠯᠵᠤ᠂ ᠬᠢᠨᠠᠨ ᠰᠢᠯᠭᠠᠷᠠᠭᠤᠯᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ᠂ ᠬᠢᠨᠠᠨ ᠰᠢᠯᠭᠠᠷᠠᠭᠤᠯᠤᠭᠰᠠᠨ ᠦᠷ᠎ᠡ ᠳ᠋ᠦᠩ ᠳᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠤᠨ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠢ ᠪᠠᠷ  ᠲᠤᠰᠬᠠᠨ᠎ᠠ᠃ ᠡᠯ᠎ᠡ ᠰᠤᠮᠤ ᠪᠠᠯᠭᠠᠰᠤ ᠨᠢ ᠬᠠᠷᠢᠶ᠎ᠠ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢ ᠬᠢᠨᠠᠨ ᠰᠢᠯᠭᠠᠷᠠᠭᠤᠯᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢ ᠬᠢᠨᠠᠨ ᠰᠢᠯᠭᠠᠷᠠᠭᠤᠯᠤᠭᠰᠠᠨ ᠦᠷ᠎ᠡ ᠳ᠋ᠦᠩ ᠢ ᠡᠯ᠎ᠡ ᠰᠤᠮᠤ ᠪᠠᠯᠭᠠᠰᠤᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠡᠭᠦᠷᠭᠡ ᠶᠢᠨ ᠬᠢᠨᠠᠨ ᠰᠢᠯᠭᠠᠷᠠᠭᠤᠯᠤᠯᠲᠠ ᠳᠤ ᠣᠷᠣᠭᠤᠯᠤᠨ᠎ᠠ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠠᠴᠠᠭ᠎ᠠ ᠲᠣᠰᠬᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠤᠨ ᠬᠢᠨᠠᠨ ᠰᠢᠯᠭᠠᠷᠠᠭᠤᠯᠤᠯᠲᠠ ᠶᠢ ᠭᠠᠴᠠᠭ᠎ᠠ ᠲᠣᠰᠬᠤᠨ ᠤ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠣᠩᠭᠤᠬᠤ ᠪᠠ ᠭᠠᠴᠠᠭ᠎ᠠ ᠲᠣᠰᠬᠤᠨ ᠤ ᠠᠵᠢᠯᠲᠠᠨ ᠳᠤ ᠨᠥᠬᠦᠪᠦᠷᠢ ᠥᠭᠴᠦ ᠱᠠᠩᠨᠠᠵᠤ ᠲᠣᠷᠭᠠᠬᠤ ᠯᠤᠭ᠎ᠠ ᠬᠤᠯᠪᠣᠭᠳᠠᠭᠤᠯᠤᠨ᠎ᠠ᠃       ︵ᠳᠥᠷᠪᠡ︶ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠪᠠᠶᠢᠭᠤᠯᠭ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠢ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠠᠵᠢᠯ ᠯᠤᠭ᠎ᠠ ᠤᠶᠠᠯᠳᠤᠭᠤᠯᠤᠨ᠂ ᠭᠠᠵᠠᠷ ᠲᠠᠷᠢᠶᠠᠨ ᠤ ᠳᠠᠷᠤᠭ᠎ᠠ ᠲᠠᠢ ᠢᠳᠡᠪᠬᠢᠲᠡᠢ ᠬᠠᠷᠢᠯᠴᠠᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ᠂ ᠨᠠᠭᠤᠷ ᠮᠠᠯᠲᠠᠵᠤ ᠦᠵᠡᠮᠵᠢ ᠭᠠᠷᠭᠠᠬᠤ ᠵᠡᠷᠭᠡ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠵᠥᠷᠢᠴᠡᠨ ᠡᠵᠡᠯᠡᠨ ᠬᠡᠷᠡᠭᠯᠡᠵᠦ ᠡᠪᠳᠡᠭᠰᠡᠨ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠦᠶᠯᠡ ᠠᠵᠢᠯᠯᠠᠭ᠎ᠠ ᠶᠢ ᠡᠷᠲᠡᠬᠡᠨ ᠢᠯᠡᠷᠡᠭᠦᠯᠵᠦ᠂ ᠲᠠᠷᠢᠶᠠᠨ ᠭᠠᠵᠠᠷ ᠢ ᠠᠲᠠᠷᠰᠢᠭᠤᠯᠬᠤ ᠪᠠ ᠲᠠᠷᠢᠶᠠᠨ ᠭᠠᠵᠠᠷ ᠤᠨ ᠲᠠᠷᠢᠮᠠᠯ ᠤᠨ ᠪᠦᠲᠦᠴᠡ ᠶᠢ ᠬᠤᠪᠢᠷᠠᠭᠤᠯᠵᠤ ᠠᠮᠤ ᠪᠤᠳᠠᠭ᠎ᠠ ᠳᠠᠷᠢᠬᠤ ᠦᠭᠡᠢ ᠪᠠᠶᠢᠬᠤ ᠵᠡᠷᠭᠡ ︽ᠠᠮᠤ ᠪᠤᠳᠠᠭᠠᠨ ᠤ ᠪᠤᠰᠤ ᠪᠣᠯᠭᠠᠬᠤ︾ ᠦᠵᠡᠭᠳᠡᠯ ᠢ ᠴᠠᠭ ᠲᠤᠬᠠᠢ ᠳᠤᠨᠢ ᠵᠠᠯᠠᠷᠠᠭᠤᠯᠤᠨ᠎ᠠ᠃ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ  ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤ ᠨᠢᠭᠲᠠ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃       ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠨᠢ ᠲᠠᠷᠢᠶᠠᠨ ᠭᠠᠵᠠᠷ ᠢ ᠬᠠᠮᠠᠭᠠᠯᠠᠬᠤ ᠲᠡᠷᠢᠭᠦᠨ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠨ᠂ ᠴᠢᠩᠭ᠎ᠠ ᠬᠢᠨᠠᠨ ᠵᠢᠯᠦᠭᠤᠳᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠂ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠨ᠎ᠠ᠃       ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠠᠵᠢᠯ ᠤᠨ ᠵᠠᠷᠤᠳᠠᠯ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠷᠮᠠᠰᠢᠭᠤᠯᠬᠤ ᠪᠡᠯᠡ ᠮᠥᠩᠭᠦ ᠵᠡᠷᠭᠡ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠤᠨ ᠵᠠᠷᠤᠳᠠᠯ ᠢ ᠬᠠᠷᠢᠭᠤᠴᠠᠨ ᠲᠣᠬᠢᠷᠠᠭᠤᠯᠵᠤ᠂ ᠡᠯ᠎ᠡ ᠵᠦᠢᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ ᠠᠵᠢᠯ ᠳᠤ ᠬᠢᠨᠠᠯᠲᠠ ᠲᠠᠯᠪᠢᠵᠤ ᠬᠦᠯᠢᠶᠡᠰᠦᠯᠡᠬᠦ ᠶᠢᠨ ᠬᠠᠮᠲᠤ ᠱᠠᠩᠨᠠᠨ ᠵᠣᠷᠢᠭᠵᠢᠭᠤᠯᠤᠨ᠎ᠠ᠃       ︵ᠭᠤᠷᠪᠠ︶ ᠱᠠᠩᠨᠠᠵᠤ ᠲᠣᠷᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠰᠢᠭᠤ ᠱᠠᠲᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠷᠮᠠᠰᠢᠭᠤᠯᠬᠤ ᠪᠡᠯᠡ ᠮᠥᠩᠭᠦ ᠶᠢ ᠦᠨᠡᠯᠡᠨ ᠲᠣᠭᠲᠠᠭᠠᠬᠤ ᠲᠠᠢ ᠬᠤᠯᠪᠣᠭᠳᠠᠭᠤᠯᠤᠨ᠎ᠠ᠃ ᠵᠢᠯ ᠪᠦᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ 1 ᠰᠤᠮᠤ ︵ᠪᠠᠯᠭᠠᠰᠤ︶᠂ 10 ᠲᠡᠷᠢᠭᠦᠨ ᠤ ᠭᠠᠴᠠᠭ᠎ᠠ ᠲᠣᠰᠬᠤᠨ ᠪᠠ 10 ᠰᠢᠯᠢᠳᠡᠭ ᠬᠤᠪᠢ ᠬᠥᠮᠥᠨ ᠢ ᠱᠠᠩᠨᠠᠨ ᠬᠥᠬᠢᠭᠦᠯᠦᠨ᠎ᠡ︔ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠡᠷᠴᠢᠮᠲᠡᠢ ᠥᠷᠨᠢᠭᠦᠯᠦᠭᠰᠡᠨ ᠦᠭᠡᠢ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ 10 ᠭᠠᠴᠠᠭ᠎ᠠ ᠲᠣᠰᠬᠤᠨ ᠲᠠᠢ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠲᠤᠬᠠᠢ ᠶᠢᠨ ᠵᠢᠯ ᠤᠨ ᠬᠠᠷᠠᠭᠠᠯᠵᠠᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠵᠠᠷᠤᠳᠠᠯ ᠢ ᠬᠦᠴᠦᠨ ᠦᠭᠡᠢ  ᠪᠣᠯᠭᠠᠨ᠎ᠠ᠃       ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠣᠨᠢᠨ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠤᠬᠠᠭᠤᠯᠤᠨ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠪᠠ ᠬᠢᠨᠠᠯᠲᠠ ᠲᠠᠯᠪᠢᠬᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃      ᠬᠠᠮᠢᠶ᠎ᠠ ᠪᠦᠬᠦᠢ ᠲᠥᠷᠥ ᠶᠢᠨ ᠪᠣᠳᠣᠯᠭ᠎ᠠ / ᠲᠠᠶᠢᠯᠤᠮᠵᠢ᠄ ᠣᠲᠤᠭ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠥᠯ  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ