ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︽ᠭᠤᠷᠪᠠᠨ ᠠᠷᠭ᠎ᠠ ᠬᠡᠮᠵᠢᠶ᠎ᠡ︾ ᠨᠢ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠵᠣᠬᠢᠶᠠᠨ ᠪᠠᠶᠢᠭᠤᠯᠤᠯᠲᠠ ᠬᠢᠭᠡᠳ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠢ ᠠᠪᠴᠠᠯᠳᠤᠯ ᠢ ᠠᠬᠢᠭᠤᠯᠪᠠ
ᠨᠡᠶᠢᠲᠡᠯᠡᠭᠰᠡᠨ ᠴᠠᠭ᠄
2024/5/17
      ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠵᠤ᠂ ︽ᠭᠤᠷᠪᠠᠨ ᠠᠷᠭ᠎ᠠ ᠬᠡᠮᠵᠢᠶ᠎ᠡ︾ ᠪᠠᠷ ᠳᠠᠮᠵᠢᠭᠤᠯᠤᠨ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠭᠡᠳ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠶ ᠠᠪᠴᠠᠯᠳᠤᠯ ᠢ ᠤᠯᠠᠮ ᠨᠢᠭᠡ ᠠᠯᠬᠤᠮ ᠠᠬᠢᠭᠤᠯᠪᠠ᠃      ᠨᠢᠭᠡ ᠳᠤ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ︽ᠵᠢᠭᠠᠨ ᠵᠢᠯᠣᠭᠤᠳᠤᠭᠴᠢ︾ ᠪᠣᠯᠪᠠ᠃ ᠳᠦᠷᠢᠮ ᠤᠨ ᠪᠠᠶᠢᠭᠤᠯᠤᠯᠲᠠ ᠪᠣᠯ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠪᠦᠲᠦᠮᠵᠢᠲᠡᠶ ᠠᠪᠴᠠᠯᠳᠤᠭᠤᠯᠬᠤ ᠴᠢᠬᠤᠯᠠ ᠲᠦᠰᠢᠭ ᠮᠥᠨ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠢᠨᠠᠯᠲᠠ ᠲᠠᠯᠪᠢᠬᠤ ᠵᠥᠪᠯᠡᠯ ᠤᠨ ᠳᠦᠷᠢᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠪᠣᠳᠠᠲᠤ ᠪᠠᠶᠢᠳᠠᠯ ᠪᠠ ᠣᠳᠣᠬᠠᠨ ᠤ ᠬᠢᠨᠠᠯᠲᠠ ᠲᠠᠯᠪᠢᠬᠤ ᠵᠥᠪᠯᠡᠯ ᠤᠨ ᠬᠢᠨᠠᠯᠲᠠ ᠲᠠᠯᠪᠢᠵᠤ ᠴᠢᠳᠠᠬᠤ ᠦᠭᠡᠢ᠂ ᠬᠢᠨᠠᠯᠲᠠ ᠲᠠᠯᠪᠢᠬᠤ ᠳᠠᠭᠠᠨ ᠴᠢᠳᠠᠮᠠᠭᠠᠢ ᠪᠤᠰᠤ ᠪᠠᠶᠢᠬᠤ ᠠᠰᠠᠭᠤᠳᠠᠯ ᠢ ᠦᠨᠳᠦᠰᠦᠯᠡᠵᠦ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠮᠧᠩ ᠰᠢ ᠪᠠᠯᠭᠠᠰᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨᠠᠯᠲᠠ ᠲᠠᠯᠪᠢᠬᠤ ᠵᠥᠪᠯᠡᠯ ᠤᠨ ᠠᠵᠢᠯ ᠤᠨ ᠭᠠᠷ ᠳᠡᠪᠲᠡᠷ︾ ᠢ ᠬᠢᠵᠦ ᠲᠠᠷᠬᠠᠭᠠᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠲᠤᠬᠠᠶᠢᠯᠠᠭᠰᠠᠨ ᠠᠵᠢᠯ ᠤᠨ ᠶᠠᠪᠤᠴᠠ ᠪᠠ ᠠᠵᠢᠯᠯᠠᠬᠤ ᠠᠷᠭ᠎ᠠ ᠶᠢ ᠲᠣᠳᠣᠷᠬᠠᠶᠢᠯᠠᠵᠤ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠬᠡᠨ᠂ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠳᠤ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠬᠤᠶᠠᠷ ᠲᠤ ᠬᠠᠷᠢᠯᠴᠠᠵᠤ ᠬᠠᠮᠵᠢᠯᠴᠠᠨ᠂ ︽ᠬᠤᠯᠪᠣᠭᠠᠴᠢᠨ︾ ᠤ ᠠᠵᠢᠯ ᠢ ᠰᠠᠶᠢᠲᠤᠷ ᠬᠢᠪᠡ᠃ ᠬᠠᠷᠢᠯᠴᠠᠵᠤ ᠬᠠᠮᠵᠢᠯᠴᠠᠬᠤ ᠪᠣᠯ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠪᠦᠲᠦᠮᠵᠢᠲᠡᠶ ᠠᠪᠴᠠᠯᠳᠤᠭᠤᠯᠬᠤ ᠵᠠᠩᠭᠢᠯᠠᠭ᠎ᠠ ᠪᠣᠯᠣᠨ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠷᠢᠶ᠎ᠠ ᠣᠷᠣᠨ ᠳᠠᠬᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠶᠠᠷ ᠠᠵᠢᠯᠲᠠᠨ ᠢ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠬᠤᠯᠪᠣᠭᠠᠴᠢᠨ ᠢᠶᠠᠷ ᠲᠣᠭᠲᠠᠭᠠᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠯᠦᠭᠡ ᠶᠢᠨ ᠡᠳᠦᠷ ᠲᠤᠲᠤᠮ ᠤᠨ ᠬᠠᠷᠢᠯᠴᠠᠭ᠎ᠠ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠭᠠᠵᠠᠷ  ᠲᠤᠨᠢ ᠪᠠᠶᠢᠴᠠᠭᠠᠯᠲᠠ ᠬᠢᠬᠦ ᠵᠡᠷᠭᠡ ᠬᠡᠯᠪᠡᠷᠢ ᠪᠠᠷ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨᠠᠯᠲᠠ ᠲᠠᠯᠪᠢᠬᠤ ᠵᠥᠪᠯᠡᠯ ᠤᠨ ᠠᠵᠢᠯ ᠢ ᠵᠢᠯᠤᠭᠤᠳᠴᠤ᠂ ︽ᠣᠶᠢᠷ᠎ᠠ ᠠᠴᠠ ᠬᠢᠨᠠᠯᠲᠠ ᠲᠠᠯᠪᠢᠬᠤ︾ ᠳᠠᠪᠠᠭᠤᠯᠢᠭ ᠢᠶᠠᠨ ᠪᠠᠳᠠᠷᠠᠭᠤᠯᠤᠨ᠂ ᠬᠢᠨᠠᠯᠲᠠ ᠲᠠᠯᠪᠢᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠵᠤ ᠬᠥᠳᠡᠯᠦᠯᠴᠡᠨ᠂ ︽ᠪᠠᠯᠭᠠᠰᠤᠨ ᠤ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠴᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠵᠤ ᠵᠢᠯᠤᠭᠤᠳᠬᠤ︾ ᠠᠵᠢᠯ ᠤᠨ ᠪᠠᠶᠢᠷᠢᠰᠢᠯ ᠢ ᠪᠤᠢ ᠪᠣᠯᠭᠠᠨ᠂ ᠢᠯᠵᠠᠷᠠᠯ ᠢ ᠡᠰᠡᠷᠭᠦᠴᠡᠬᠦ ᠲᠡᠮᠡᠴᠡᠯ ᠪᠠ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠦᠨᠵᠡᠭᠡᠶᠢᠷᠡᠬᠦ ᠶᠢ ᠬᠠᠮᠲᠤ ᠪᠠᠷ ᠠᠬᠢᠭᠤᠯᠪᠠ᠃      ᠭᠤᠷᠪᠠ ᠳᠤ ᠬᠥᠮᠥᠵᠢᠯ ᠪᠣᠯᠪᠠᠰᠤᠷᠠᠯ ᠬᠢᠵᠦ᠂ ᠰᠠᠶᠢᠨ ︽ᠤᠬᠠᠭᠤᠯᠤᠭᠴᠢ︾ ᠪᠣᠯᠭᠠᠪᠠ᠃ ᠬᠥᠮᠦᠵᠢᠯ ᠪᠣᠯᠪᠠᠰᠤᠷᠠᠯ ᠪᠣᠯ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠪᠦᠲᠦᠮᠵᠢᠲᠡᠢ ᠠᠪᠴᠠᠯᠳᠤᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠷᠢᠯᠳᠦᠭᠦᠨ ᠢ ᠭᠠᠴᠠᠭ᠎ᠠ ᠲᠣᠰᠬᠤᠨ ᠤ ᠺᠠᠳ᠋ᠷᠴᠤᠳ ᠤᠨ ᠪᠣᠯᠪᠠᠰᠤᠷᠠᠯ ᠤᠨ ᠭᠤᠣᠯᠳᠠᠯᠭ᠎ᠠ ᠲᠠᠢ ᠬᠡᠪᠴᠢᠶᠡᠨ ᠳᠤ ᠣᠷᠣᠭᠤᠯᠵᠤ᠂ ᠲᠤᠰᠢᠶᠠᠯ ᠬᠠᠷᠢᠭᠤᠴᠠᠬᠤ ᠪᠣᠯᠪᠠᠰᠤᠷᠠᠯ ᠢ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠡᠭᠦᠷᠭᠡᠯᠡᠬᠦ ᠶᠢ ᠴᠢᠩᠭᠠᠳᠬᠠᠪᠠ᠃ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠪᠣᠳᠠᠲᠠᠢ ᠪᠠᠶᠢᠳᠠᠯ ᠪᠠ ᠣᠷᠣᠰᠢᠵᠤ ᠪᠠᠶᠢᠭ᠎ᠠ ᠳᠤᠲᠠᠭᠤᠳᠠᠯ ᠲᠠᠢ ᠤᠶᠠᠯᠳᠤᠭᠤᠯᠵᠤ᠂ ᠬᠠᠨᠳᠤᠯᠭᠠᠲᠤ ᠴᠢᠨᠠᠷᠲᠠᠢ ᠪᠣᠯᠪᠠᠰᠤᠷᠠᠯ ᠢ ᠥᠷᠨᠢᠭᠦᠯᠦᠨ᠂ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠮᠡᠳᠡᠯᠭᠡ ᠪᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠰᠠᠶᠢᠲᠤᠷ ᠤᠬᠠᠭᠤᠯᠤᠨ᠂ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠠᠵᠢᠯ ᠤᠨ ᠡᠷᠬᠡ ᠬᠠᠷᠢᠭᠤᠴᠠᠯᠭ᠎ᠠ ᠲᠣᠳᠣᠷᠬᠠᠢ᠂ ᠶᠣᠰᠣ ᠪᠠᠷᠢᠮᠲᠠ ᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠪᠠ᠃ 
ᠢᠷᠡᠯᠲᠡ᠄ ᠮᠧᠩ ᠰᠢ ᠪᠠᠯᠭᠠᠰᠤ