ᠤᠯᠠᠭᠠᠨᠪᠠᠯᠭᠠᠰᠤᠨ ᠤ ᠪᠣᠷᠣᠬᠤᠰᠢᠭᠤ ᠭᠠᠴᠠᠭ᠎ᠠ ᠲᠤᠰᠬᠠᠢ ᠮᠡᠷᠭᠡᠵᠢᠯᠲᠡᠨ ᠢ ᠤᠷᠢᠵᠤ ᠠᠯᠠᠰᠢᠨ ᠦᠬᠡᠷ ᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠬᠢᠪᠡ
ᠨᠡᠶᠢᠲᠡᠯᠡᠭᠰᠡᠨ ᠴᠠᠭ᠄
2024/5/17
      ︽ᠥᠩᠭᠡᠷᠡᠭᠰᠡᠨ ᠳᠤ ᠣᠯᠠᠩᠬᠢ ᠳᠠᠭᠠᠨ ᠲᠤᠷᠰᠢᠯᠭ᠎ᠠ ᠪᠠᠷ ᠢᠶᠠᠨ ᠲᠡᠵᠢᠭᠡᠨ ᠦᠷᠡᠵᠢᠭᠦᠯᠬᠦ ᠠᠰᠠᠭᠤᠳᠠᠯ ᠢ ᠰᠢᠢᠳᠪᠦᠷᠢᠯᠡᠵᠦ᠂ ᠵᠢᠭᠠᠬᠠᠨ ᠲᠠᠭᠠᠷᠠᠬᠤ ᠦᠭᠡᠢ ᠪᠣᠯ ᠠᠯᠠᠰᠢᠨ ᠦᠬᠡᠷ ᠤᠨ ᠴᠢᠨᠠᠷ ᠴᠢᠨᠰᠠᠭ᠎ᠠ ᠶᠢ ᠶᠡᠭᠡ ᠪᠠᠷ ᠨᠥᠯᠥᠭᠡᠯᠡᠴᠢᠬᠡᠳᠡᠭ ᠪᠠᠶᠢᠭᠰᠠᠨ︾      5 ᠳ᠋ᠤᠭᠠᠷ ᠰᠠᠷ᠎ᠠ ᠶᠢᠨ 16 ᠤ ᠡᠳᠦᠷ᠂ ᠤᠯᠠᠭᠠᠨᠪᠠᠯᠭᠠᠰᠤᠨ ᠤ ᠪᠣᠷᠣᠬᠤᠰᠢᠭᠤ ᠭᠠᠴᠠᠭ᠎ᠠ ᠶᠢᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠫᠷᠤᠹᠧᠰᠰᠤᠷ ᠰᠠᠶᠢᠨᠪᠠᠶᠠᠷ ᠪᠠᠭᠰᠢ ᠶᠢ ᠤᠷᠢᠵᠤ ︽ᠠᠯᠠᠰᠢᠨ ᠦᠬᠡᠷ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠮᠡᠷᠭᠡᠵᠢᠯ︾ ᠤᠨ ᠪᠣᠯᠪᠠᠰᠤᠷᠠᠯ ᠬᠢᠯᠭᠡᠨ᠂ ᠲᠤᠬᠠᠢ ᠶᠢᠨ ᠭᠠᠵᠠᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠪᠣᠯᠣᠨ ᠡᠷᠬᠢᠨ ᠲᠣᠭᠤᠷᠢᠨ ᠤ ᠬᠡᠳᠦᠨ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ ᠬᠦᠷᠦᠯᠴᠡᠨ ᠢᠷᠡᠵᠦ ᠪᠣᠯᠪᠠᠰᠤᠷᠠᠯ ᠳᠤ ᠣᠷᠣᠯᠴᠠᠪᠠ᠃      ᠫᠷᠤᠹᠧᠰᠰᠤᠷ ᠰᠠᠶᠢᠨᠪᠠᠶᠠᠷ ᠲᠡᠵᠢᠭᠡᠨ ᠦᠷᠡᠵᠢᠭᠦᠯᠬᠦ ᠠᠯᠠᠰᠢᠨ ᠦᠬᠡᠷ ᠤᠨ ᠡᠭᠦᠯᠳᠡᠷ ᠪᠠᠷᠤᠭᠲᠠᠢ᠂ ᠪᠣᠷᠤᠯᠠᠭᠤᠯᠭ᠎ᠠ ᠶᠢᠨ ᠨᠣᠷᠮ᠎ᠠ ᠳᠣᠣᠷ᠎ᠠ ᠵᠡᠷᠭᠡ ᠪᠣᠳᠠᠲᠠᠢ ᠠᠰᠠᠭᠤᠳᠠᠯ ᠠᠴᠠ ᠡᠭᠦᠰᠴᠦ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠨ᠂ ᠣᠳᠣᠬᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠠᠨᠳᠤᠰᠢ ᠪᠠ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ᠂ ᠠᠯᠠᠰᠢᠨ ᠦᠬᠡᠷ ᠲᠡᠵᠢᠭᠡᠨ ᠠᠷᠠᠴᠢᠯᠠᠬᠤ ᠪᠠ ᠬᠠᠮᠢᠶᠠᠷᠬᠤ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠠᠯᠠᠰᠢᠨ ᠦᠬᠡᠷ ᠲᠡᠵᠢᠭᠡᠨ ᠠᠷᠠᠴᠢᠯᠠᠬᠤ ᠡᠯ᠎ᠡ ᠱᠠᠲᠤᠨ ᠤ ᠲᠡᠵᠢᠭᠡᠯ ᠪᠣᠷᠳᠤᠭ᠎ᠠ ᠶᠢ ᠨᠠᠶᠢᠷᠠᠭᠤᠯᠬᠤ ᠬᠠᠷᠢᠴᠠᠯ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠮᠡᠳᠡᠯᠭᠡ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠵᠦ᠂ ᠲᠡᠵᠢᠭᠡᠨ ᠦᠷᠡᠵᠢᠭᠦᠯᠬᠦ ᠡᠷᠦᠬᠡ ᠳᠤ ᠠᠯᠠᠰᠢᠨ ᠦᠬᠡᠷ ᠤᠨ ᠥᠪᠡᠷ ᠤᠨ ᠥᠷᠲᠡᠭ ᠢᠶᠠᠷ ᠳᠣᠣᠷ᠎ᠠ ᠲᠡᠵᠢᠭᠡᠨ ᠦᠷᠡᠵᠢᠭᠦᠯᠬᠦ ᠮᠡᠷᠭᠡᠵᠢᠯ ᠢ ᠵᠢᠭᠠᠵᠤ ᠥᠭᠭᠦᠨ᠂ ᠲᠡᠵᠢᠭᠡᠨ ᠦᠷᠡᠵᠢᠭᠦᠯᠬᠦ ᠡᠷᠦᠬᠡ ᠶᠢᠨ ᠠᠯᠠᠰᠢᠨ ᠦᠬᠡᠷ ᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠠᠰᠬᠠᠵᠤ ᠪᠠᠶᠢᠭᠠᠳ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠬᠥᠭᠵᠢᠯᠲᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠰᠠᠨᠠᠭᠠᠴᠢᠯᠠᠪᠠ᠃      ︽ᠲᠣᠰ ᠤᠳᠠᠭᠠᠨ ᠤ ᠪᠣᠯᠪᠠᠰᠤᠷᠠᠯ ᠨᠢ ᠮᠠᠯᠴᠢᠨ ᠲᠠᠷᠢᠶᠠᠴᠢᠨ ᠳᠤ ᠰᠢᠨ᠎ᠡ ᠮᠡᠳᠡᠯᠭᠡ ᠶᠢ ᠡᠵᠡᠮᠰᠢᠭᠦᠯᠵᠦ᠂ ᠲᠡᠵᠢᠭᠡᠨ ᠦᠷᠡᠵᠢᠭᠦᠯᠬᠦ ᠲᠠᠨᠢᠯᠲᠠ ᠶᠢ ᠨᠢ ᠬᠤᠪᠢᠷᠠᠭᠤᠯᠬᠤ ᠶᠢᠨ ᠬᠠᠮᠲᠤ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠢᠲᠡᠭᠡᠯ ᠵᠣᠷᠢᠭ ᠢᠶᠠᠨ ᠬᠥᠪᠴᠢᠯᠡᠬᠦ ᠶᠢ ᠬᠦᠰᠡᠵᠦ ᠪᠠᠶᠢᠨ᠎ᠠ︾ ᠭᠡᠵᠦ ᠫᠷᠤᠹᠧᠰᠰᠤᠷ ᠰᠠᠶᠢᠨᠪᠠᠶᠠᠷ ᠬᠡᠯᠡᠵᠦ ᠪᠠᠶᠢᠯ᠎ᠠ᠃      ᠲᠤᠰ ᠤᠳᠠᠭᠠᠨ ᠤ ︽ᠭᠡᠷ ᠤᠨ ᠡᠭᠦᠳᠡᠨ ᠳᠡᠭᠡᠷᠡᠬᠢ︾ ᠲᠤᠰᠬᠠᠢ ᠮᠡᠷᠭᠡᠵᠢᠯᠲᠡᠨ ᠤ ᠪᠣᠯᠪᠠᠰᠤᠷᠠᠯ ᠢᠶᠠᠷ ᠳᠠᠮᠵᠢᠭᠠᠳ ᠮᠠᠯᠴᠢᠨ ᠲᠠᠷᠢᠶᠠᠴᠢᠨ ᠮᠠᠰᠢ ᠶᠡᠭᠡ ᠠᠰᠢᠭ ᠬᠦᠷᠲᠡᠪᠡ᠃ ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ ᠬᠥᠳᠡᠭᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠠᠶᠢᠲᠤᠷ ᠤᠬᠠᠭᠤᠯᠤᠨ ᠳᠠᠶᠢᠴᠢᠯᠠᠵᠤ᠂ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠦᠷᠭᠦᠯᠵᠢᠯᠡᠨ ᠡᠷᠦᠬᠡ ᠳᠤ ᠤᠬᠠᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ ᠢᠲᠡᠭᠡᠯ ᠵᠣᠷᠢᠭ ᠢ ᠨᠢ ᠬᠥᠪᠴᠢᠯᠡᠨ᠂ ᠠᠯᠠᠰᠢᠨ ᠦᠬᠡᠷ ᠤᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠲᠤᠳᠬᠠᠨ᠎ᠠ᠃ 
ᠢᠷᠡᠯᠲᠡ᠄ ᠤᠯᠠᠭᠠᠨᠪᠠᠯᠭᠠᠰᠤ