ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠳᠤ ᠦᠨᠳᠦᠰᠦᠲᠡᠨ ᠤ ᠪᠦᠯᠬᠦᠮᠳᠡᠯ ᠤᠨ ᠭᠤᠣᠯ ᠬᠥᠭ ᠠᠶᠠᠰ ᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/5/17
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠰᠢᠨ ᠰᠢᠨ ᠨᠡᠶᠢᠭᠡᠮ ᠲᠣᠭᠤᠷᠢᠭ ᠲᠠᠢ ᠬᠠᠮᠲᠤᠷᠠᠨ ᠣᠷᠳᠣᠰ ᠬᠤᠲᠠ ᠶᠢᠨ ᠰᠢ ᠶᠢᠨ ᠬᠦᠳᠡᠷ ᠬᠠᠶᠢᠯᠤᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠦᠨ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠨ᠂ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ᠃      ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠮᠢ ᠸᠧᠨ ᠶᠠᠨ ᠰᠢ ᠶᠢᠨ ᠬᠦᠳᠡᠷ ᠬᠠᠶᠢᠯᠤᠭᠤᠯᠬᠤ ᠬᠢᠵᠠᠭᠠᠷᠲᠤ ᠺᠣᠮᠫᠠᠨᠢ ᠶᠢᠨ ᠠᠵᠢᠯᠲᠠᠳ ᠲᠤ ᠦᠨᠳᠦᠰᠦᠲᠡᠨ ᠤ ᠪᠦᠯᠬᠦᠮᠳᠡᠯ ᠤᠨ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠲᠠᠨᠢᠯᠲᠠ︾ ᠵᠢᠴᠢ ᠨᠠᠮ ᠪᠠ ᠤᠯᠤᠰ ᠠᠴᠠ ᠦᠨᠳᠦᠰᠦᠲᠡᠨ ᠤ ᠠᠰᠠᠭᠤᠳᠠᠯ ᠳᠤ ᠬᠠᠨᠳᠤᠬᠤ ᠪᠠ ᠰᠢᠢᠳᠪᠦᠷᠢᠯᠡᠬᠦ ᠦᠨᠳᠦᠰᠦᠨ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠪᠤᠷᠢᠯᠠᠨ᠂ ᠠᠵᠤ ᠠᠬᠤᠶᠢᠯᠠᠯ ᠤᠨ ᠠᠵᠢᠯᠲᠠᠨ ᠢ ᠬᠥᠲᠥᠯᠥᠨ ᠵᠢᠯᠤᠭᠤᠳᠴᠦ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠣᠨᠣᠪᠴᠢᠲᠠᠶ ᠣᠶᠢᠯᠠᠭᠠᠭᠤᠯᠤᠨ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢ ᠨᠢ ᠳᠡᠭᠡᠭᠰᠢᠯᠡᠭᠦᠯᠪᠡ᠃ ᠰᠢᠨ ᠰᠢᠨ ᠨᠡᠶᠢᠭᠡᠮ ᠲᠣᠭᠤᠷᠢᠭ ᠤᠨ ᠠᠵᠢᠯᠲᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠵᠤ ᠠᠬᠤᠶᠢᠯᠠᠯ ᠤᠨ ᠠᠵᠢᠯᠲᠠᠨ ᠢ ᠬᠥᠲᠥᠯᠥᠨ ᠵᠢᠯᠤᠭᠤᠳᠴᠤ ᠬᠠᠤᠯᠢ ᠰᠤᠷᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠪᠣᠯᠭᠠᠪᠠ᠃ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠮᠡᠳᠡᠯᠭᠡ ᠶᠢᠨ ᠲᠣᠭᠤᠷᠢᠨ ᠳᠤ ᠱᠠᠩᠨᠠᠯ ᠲᠠᠢ ᠠᠰᠠᠭᠤᠯᠲᠠ ᠬᠠᠷᠢᠭᠤᠯᠬᠤ ᠭᠤᠭᠴᠤᠭ᠎ᠠ ᠭᠠᠷᠭᠠᠵᠤ᠂ ᠤᠯᠠᠨ ᠢᠶᠠᠷ ᠢᠶᠠᠨ  ᠪᠤᠯᠢᠶᠠᠯᠳᠤᠵᠤ ᠬᠠᠷᠢᠭᠤᠯᠤᠨ᠂ ᠬᠥᠷ ᠬᠥᠭᠵᠢᠶᠡᠨ ᠢᠶᠠᠷ ᠪᠢᠯᠬᠠᠵᠤ᠂ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ᠡᠭᠦᠨ ᠤ ᠬᠠᠮᠲᠤ᠂ ᠰᠢ ᠶᠢᠨ ᠬᠦᠳᠡᠷ ᠬᠠᠶᠢᠯᠤᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠮᠡᠭᠲᠡᠢ ᠠᠵᠢᠯᠲᠠᠳ ᠲᠤ ᠪᠡᠯᠡᠭ ᠬᠦᠷᠭᠡᠵᠦ᠂ ᠪᠠᠶᠠᠷ ᠤᠨ ᠡᠳᠦᠷ ᠤᠨ ᠮᠡᠨᠳᠦᠴᠢᠯᠡᠯ ᠬᠢᠭᠡᠳ ᠢᠷᠦᠭᠡᠯ ᠵᠦᠩᠨᠡᠯ ᠢᠶᠠᠨ ᠳᠡᠪᠰᠢᠭᠦᠯᠪᠡ᠃      ᠴᠢ ᠫᠠᠨ ᠵᠢᠩ ᠪᠠᠯᠭᠠᠰᠤᠨ ᠤ ᠮᠧᠩ ᠰᠢᠶᠠᠩ ᠨᠡᠶᠢᠭᠡᠮ ᠲᠣᠭᠤᠷᠢᠭ ︽ᠰᠦᠯᠵᠢᠶᠡᠨ ᠳᠡᠭᠡᠷ᠎ᠡ︾ ᠪᠠ ︽ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠵᠠᠷ ᠨᠠᠭᠠᠨ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠦᠷᠢᠮ ᠤᠨ ᠲᠤᠬᠠᠢ ᠣᠶᠢᠯᠠᠭᠠᠬᠤ ᠨᠣᠷᠮ᠎ᠠ ᠶᠢ ᠤᠯᠠᠮ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠤᠭᠤᠳᠴᠦ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠪᠡ᠃      ᠴᠢ ᠫᠠᠨ ᠵᠢᠩ ᠪᠠᠯᠭᠠᠰᠤᠨ ᠤ ᠵᠢᠩ ᠠᠨ ᠨᠡᠶᠢᠭᠡᠮ ᠲᠣᠭᠤᠷᠢᠭ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠠᠪᠤᠨ ᠰᠠᠷ᠎ᠠ ᠶᠢᠨ ᠠᠨᠠᠷ ᠭᠠᠯ ᠮᠡᠲᠦ ᠤᠯᠠᠶᠢᠵᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠠᠮᠲᠤ ᠪᠠᠷ ᠤᠬᠠᠭᠤᠯᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠ ᠮᠡᠳᠡᠯᠭᠡ ᠶᠢᠨ ᠠᠰᠠᠭᠤᠯᠲᠠ  ᠭᠠᠷᠭᠠᠬᠤ ᠬᠡᠯᠪᠡᠷᠢ ᠪᠠᠷ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠣᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ᠂ ᠬᠠᠷᠢᠶ᠎ᠠ ᠣᠷᠣᠨ ᠤ ᠨᠠᠮ ᠤᠨ ᠭᠡᠰᠢᠭᠦᠨ ᠰᠠᠭᠤᠭᠠᠯᠢ ᠠᠷᠠᠳ ᠢ ᠳᠠᠶᠢᠴᠢᠯᠠᠵᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠮᠡᠳᠡᠯᠭᠡ ᠶᠢ ᠰᠤᠷᠤᠯᠴᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠂ ᠬᠠᠷᠢᠶ᠎ᠠ ᠣᠷᠣᠨ ᠤ ᠥᠷᠭᠡᠨ ᠤᠯᠠᠨ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠤᠷᠢᠶᠠᠯᠠᠵᠤ᠂ ︽ᠬᠠᠮᠲᠤ ᠰᠠᠭᠤᠬᠤ᠂ ᠬᠠᠮᠲᠤ ᠠᠵᠢᠯᠯᠠᠬᠤ᠂ ᠬᠠᠮᠲᠤ ᠰᠤᠷᠤᠯᠴᠠᠬᠤ᠂ ᠬᠠᠮᠲᠤ ᠴᠡᠩᠭᠡᠬᠦ︾᠂ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠴᠢ ᠫᠠᠨ ᠵᠢᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠠᠳᠬᠤᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠨ᠂ ᠲᠠᠰᠤᠷᠠᠯᠲᠠ ᠦᠭᠡᠢ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠲᠠᠪᠴᠠᠩ  ᠪᠠᠶᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠳᠠᠮᠵᠢᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠢ ᠪᠣᠳᠠᠲᠠᠢ ᠠᠬᠢᠭᠤᠯᠤᠨ᠎ᠠ᠃ 
ᠢᠷᠡᠯᠲᠡ᠄ ᠴᠢ ᠫᠠᠨ ᠵᠢᠩ ᠪᠠᠯᠭᠠᠰᠤ