ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ | ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠣᠲᠤᠭ ᠵᠠᠰᠠᠭ ᠲᠠᠷᠬᠠᠭᠠᠭᠰᠠᠨ〔2024〕83 ᠳ᠋ᠤᠭᠠᠷ ᠲᠣᠭᠠᠲᠤ | | | ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠳᠤ᠄ | ︽ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 | ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠳᠠᠭᠠᠯᠳᠤᠭᠤᠯᠤᠯ᠄ ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ | | | | ᠳᠠᠭᠠᠯᠳᠤᠭᠤᠯᠤᠯ᠄ | ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠣ᠋ᠯ | | ᠪᠥᠬᠦ ᠣᠷᠣᠨ᠂ ᠪᠥᠬᠦ ᠬᠤᠲᠠ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠠᠬᠢ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠡᠵᠡᠮᠳᠡᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠰᠢᠭᠤᠨ ᠤ ᠪᠠᠨ ᠪᠣᠳᠠᠲᠠᠢ ᠲᠠᠢ | ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠦᠷᠢᠯᠳᠦᠭᠦᠯᠵᠦ᠂ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ | ᠴᠢᠨᠠᠷ ᠢ ᠭᠦᠢᠴᠡᠳ ᠲᠠᠨᠢᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠦᠨ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ ︽ᠲᠦᠷᠪᠡᠨ ᠪᠠᠲᠤᠯᠠᠭ᠎ᠠ︾ ᠶᠢᠨ | ᠲᠥᠷᠥᠯ ᠵᠦᠢᠯ ᠢ ᠲᠥᠯᠥᠪᠵᠢᠭᠦᠯᠦᠨ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠠᠵᠢᠯ ᠡᠬᠢᠯᠡᠭᠦᠯᠬᠦ᠂ ᠪᠡᠯᠡ ᠮᠥᠩᠭᠦ ᠴᠢᠷᠮᠠᠶᠢᠨ ᠣᠯᠬᠤ ᠠᠵᠢᠯ ᠢ ᠲᠦᠷᠭᠡᠨ | ᠠᠬᠢᠭᠤᠯᠵᠤ᠂ ᠴᠠᠭ ᠢ ᠵᠠᠪᠳᠤᠨ ᠠᠵᠢᠯ ᠤᠨ ᠠᠬᠢᠴᠠ ᠶᠢ ᠲᠦᠷᠭᠡᠳᠬᠡᠵᠦ᠂ ᠤᠯᠠᠨ ᠲᠦᠮᠡᠨ ᠪᠠ ᠨᠡᠶᠢᠭᠡᠮ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ | ᠳᠤᠲᠠᠭᠤᠳᠠᠯ ᠢ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠬᠦᠷᠢᠶ᠎ᠡ ᠬᠡᠪᠴᠢᠶ᠎ᠡ | ⒈ ᠳᠤᠯᠠᠭᠠᠯᠠᠭ᠎ᠠ ᠬᠠᠩᠭᠠᠬᠤ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ 2.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠬᠤᠶᠠᠷ ᠵᠦᠢᠯ ᠤᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠂ ᠨᠢᠭᠡ ᠳᠤ ᠤᠯᠠᠭᠠᠨᠪᠠᠯᠭᠠᠰᠤ ᠵᠢᠴᠢ ᠮᠸᠡᠭ | ᠰᠢ ᠶᠢᠨ ᠰᠢᠨ᠎ᠡ ᠬᠥᠳᠡᠭᠡ ᠲᠣᠰᠬᠤᠨ ᠤ ᠭᠠᠵᠠᠷ ᠣᠷᠣᠨ ᠤ ᠳᠤᠯᠠᠭᠠᠯᠠᠭ᠎ᠠ ᠬᠠᠩᠭᠠᠬᠤ ᠰᠢᠰᠲ᠋ᠧᠮ ᠵᠢᠴᠢ ᠶᠡᠷᠦᠩᠬᠡᠶᠢᠯᠡᠭᠰᠡᠨ ᠬᠤᠭᠤᠯᠠᠢ ᠲᠣᠣᠷ ᠢ ᠥᠭᠡᠷᠡᠴᠢᠯᠡᠬᠦ | ᠲᠥᠷᠥᠯ ᠵᠦᠢᠯ ᠪᠣᠯᠣᠨ᠎ᠠ᠂ ᠲᠣᠰ ᠲᠥᠷᠥᠯ ᠵᠦᠢᠯ ᠳᠤ ᠨᠡᠶᠢᠲᠡ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠯᠴᠢ ᠰᠣᠯᠢᠬᠤ ᠥᠷᠲᠡᠭᠡ ᠶᠢ | ᠰᠢᠨ᠎ᠡ ᠪᠠᠷ 4 ᠪᠠᠶᠢᠭᠤᠯᠤᠨ᠂ 1 ᠢᠯᠴᠢ ᠶᠢᠨ ᠰᠤᠷᠪᠤᠯᠵᠢ ᠶᠢᠨ ᠦᠢᠯᠡᠳᠪᠦᠷᠢ᠂ 12 ᠢᠯᠴᠢ ᠰᠣᠯᠢᠬᠤ ᠥᠷᠲᠡᠭᠡ᠂ 6.62 ᠺᠢᠯᠣᠮᠧᠲᠷ ᠤᠨ ᠨᠢᠭᠡᠳᠦᠭᠡᠷ | ᠤᠳᠠᠭᠠᠨ ᠤ ᠬᠤᠭᠤᠯᠠᠢ ᠲᠣᠣᠷ᠂ 22.18 ᠺᠢᠯᠣᠮᠧᠲᠷ ᠤᠨ ᠬᠤᠶᠠᠳᠤᠭᠠᠷ ᠤᠳᠠᠭᠠᠨ ᠤ ᠬᠤᠭᠤᠯᠠᠢ ᠲᠣᠣᠷ ᠵᠢᠴᠢ ᠰᠠᠭᠤᠭᠠᠯᠢ ᠲᠣᠭᠤᠷᠢᠭ ᠳᠣᠲᠣᠷᠠᠬᠢ ᠬᠤᠭᠤᠯᠠᠢ | ᠲᠣᠣᠷ᠂ 9.82 ᠺᠢᠯᠣᠮᠧᠲᠷ ᠤᠨ ᠲᠠᠩ ᠪᠡᠶᠡᠲᠦ ᠬᠤᠭᠤᠯᠠᠢ ᠶᠢ ᠵᠠᠰᠠᠵᠤ ᠥᠭᠡᠷᠡᠴᠢᠯᠡᠨ᠂ 780 ᠬᠤᠳᠳᠤᠭ ᠤᠨ ᠨᠡᠭᠡᠯᠡᠬᠡᠢ ᠶᠢ ᠰᠣᠯᠢᠵᠤ ᠵᠠᠰᠠᠨ᠎ᠠ᠃ ᠬᠤᠶᠠᠷ ᠲᠤ | ᠣᠲᠤᠭ ᠬᠤᠰᠢᠭᠤᠨ ᠤ ᠴᠢ ᠫᠠᠨ ᠵᠢᠩ ᠪᠠᠯᠭᠠᠰᠤ᠂ ᠮᠧᠩ ᠰᠢ ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠪᠣᠯᠣᠨ᠎ᠠ᠂ | ᠲᠣᠰ ᠲᠥᠷᠥᠯ ᠵᠦᠢᠯ ᠳᠤ ᠨᠡᠶᠢᠲᠡ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 5 ᠺᠢᠯᠣᠮᠧᠲᠷ ᠤᠨ ᠨᠢᠭᠡᠳᠦᠭᠡᠷ ᠤᠳᠠᠭᠠᠨ ᠤ ᠬᠤᠭᠤᠯᠠᠢ ᠲᠣᠣᠷ᠂ | 49 ᠺᠢᠯᠣᠮᠧᠲᠷ ᠤᠨ ᠬᠤᠶᠠᠳᠤᠭᠠᠷ ᠤᠳᠠᠭᠠᠨ ᠤ ᠬᠤᠭᠤᠯᠠᠢ ᠲᠣᠣᠷ᠂ 8 ᠢᠯᠴᠢ ᠰᠣᠯᠢᠬᠤ ᠥᠷᠲᠡᠭᠡ ᠶᠢ ᠵᠠᠰᠠᠵᠤ ᠥᠭᠡᠷᠡᠴᠢᠯᠡᠨ᠂ 1389 ᠬᠤᠳᠳᠤᠭ ᠤᠨ | ᠨᠡᠬᠡᠯᠡᠬᠡᠢ ᠶᠢ ᠵᠠᠰᠠᠵᠤ᠂ 13057 ᠨᠡᠭᠡᠯᠡᠭᠡᠢ᠂ 5899 ᠬᠡᠮᠵᠢᠭᠦᠷᠯᠢᠭ ᠢ ᠤᠭᠰᠠᠷᠠᠨ᠎ᠠ᠃ ᠢᠯᠴᠢ ᠰᠣᠯᠢᠬᠤ ᠠᠰᠢᠭᠯᠠᠮᠵᠢ ᠳᠣᠣᠷ᠎ᠠ᠂ ᠲᠥᠬᠦᠭᠡᠷᠦᠮᠵᠢ ᠨᠢ | ᠬᠠᠭᠤᠴᠢᠷᠠᠭᠰᠠᠨ ᠢᠯᠴᠢ ᠰᠣᠯᠢᠬᠤ ᠦᠷᠳᠡᠭᠡ ᠶᠢ ᠲᠡᠰ ᠳᠡᠪᠰᠢᠭᠦᠯᠦᠨ ᠥᠭᠡᠷᠡᠴᠢᠯᠡᠵᠦ᠂ ᠢᠯᠴᠢ ᠰᠣᠯᠢᠬᠤ ᠦᠷᠳᠡᠭᠡ ᠳᠤ ᠲᠣᠭᠲᠠᠮᠠᠯ ᠪᠤᠶᠤ ᠰᠢᠯᠵᠢᠮᠡᠯ ᠬᠡᠯᠪᠡᠷᠢ ᠶᠢᠨ | ᠪᠡᠯᠡᠳᠬᠡᠯ ᠴᠠᠬᠢᠯᠭᠠᠨ ᠡᠭᠦᠰᠬᠡᠭᠴᠢ ᠲᠣᠬᠢᠷᠠᠭᠤᠯᠬᠤ ᠶᠢ ᠠᠬᠢᠭᠤᠯᠤᠨ᠂ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠬᠡᠷᠡᠭᠯᠡᠭᠴᠢᠳ ᠤᠨ | ᠲᠠᠪᠴᠠᠩ ᠤᠨ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ ᠠᠰᠠᠷ ᠤᠨ ᠳᠤᠯᠠᠭᠠᠨ ᠢ ᠬᠠᠮᠠᠭᠠᠯᠠᠬᠤ᠂ ᠠᠰᠠᠷ ᠳᠣᠲᠣᠷᠠᠬᠢ ᠳᠤᠯᠠᠭᠠᠯᠠᠭ᠎ᠠ | ᠬᠠᠩᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠳᠤ | ᠡᠷᠬᠡᠪᠰᠢ ᠥᠭᠡᠷᠡᠴᠢᠯᠡᠬᠦ ᠵᠦᠢᠯ ᠪᠣᠯᠭᠠᠵᠤ᠂ ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ | ᠡᠨᠧᠷᠭᠢ ᠶᠢᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶ | ⒉ ᠣᠶᠤᠨᠴᠢ ᠪᠠᠷ ᠴᠡᠪᠡᠷ ᠳᠤᠯᠠᠭᠠᠯᠠᠭ᠎ᠠ ᠬᠠᠩᠭᠠᠬᠤ ᠶᠢ ᠬᠡᠷᠡᠭᠵᠢᠭᠦᠯᠦᠨ᠎ᠡ᠃ ᠳᠤᠯᠠᠭᠠᠯᠠᠭ᠎ᠠ ᠬᠠᠩᠭᠠᠬᠤ ᠰᠢᠰᠲ᠋ᠧᠮ ᠢ ᠠᠦ᠋ᠲ᠋ᠣᠴᠢᠯᠠᠬᠤ᠂ ᠣᠶᠤᠨᠴᠢᠯᠠᠨ ᠲᠠᠰ | ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠬᠤᠭᠤᠯᠠᠢ ᠲᠣᠣᠷ ᠤᠨ ᠠᠮᠤᠷ ᠲᠦᠪᠰᠢᠨ ᠡᠷᠭᠢᠯᠲᠡ ᠶᠢᠨ ᠪᠠᠶᠢᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠴᠠᠭ | ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠨ᠂ ᠳᠤᠯᠠᠭᠠᠯᠠᠭ᠎ᠠ ᠬᠠᠩᠭᠠᠬᠤ ᠲᠣᠣᠷ ᠢ | ᠲᠡᠩᠴᠡᠭᠦᠷᠢᠲᠡᠢ ᠲᠣᠬᠢᠷᠠᠭᠤᠯᠤᠨ ᠡᠵᠡᠮᠳᠡᠬᠦ ᠶᠢ ᠠᠦ᠋ᠲ᠋ᠣᠴᠢᠯᠠᠵᠤ᠂ ᠣᠶᠤᠨᠴᠢ ᠪᠠᠷ ᠳᠤᠯᠠᠭᠠᠯᠠᠭ᠎ᠠ ᠬᠠᠩᠭᠠᠬᠤ ᠶᠢ ᠬᠢᠨᠠᠨ ᠬᠠᠮᠢᠶᠠᠷᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠳᠤᠯᠠᠭᠠᠯᠠᠭ᠎ᠠ ᠶᠢᠨ ᠰᠤᠷᠪᠤᠯᠵᠢ᠂ ᠳᠤᠯᠠᠭᠠᠯᠠᠭ᠎ᠠ ᠶᠢᠨ ᠲᠣᠣᠷ᠂ ᠳᠤᠯᠠᠭᠠᠯᠠᠭ᠎ᠠ ᠶᠢᠨ ᠬᠦᠴᠦᠨ ᠤ ᠥᠷᠲᠡᠭᠡ ᠪᠠ ᠳᠤᠯᠠᠭᠠᠯᠠᠭ᠎ᠠ ᠬᠠᠩᠭᠠᠬᠤ | ᠲᠥᠬᠦᠭᠡᠷᠦᠮᠵᠢ ᠶᠢ ᠠᠦ᠋ᠲ᠋ᠣᠴᠢᠯᠠᠬᠤ᠂ ᠣᠶᠤᠨᠴᠢᠯᠠᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠳᠤᠯᠠᠭᠠᠯᠠᠭ᠎ᠠ ᠬᠠᠩᠭᠠᠬᠤ ᠰᠢᠰᠲ᠋ᠧᠮ ᠳᠤ ᠰᠡᠷᠡᠯ | ᠳᠠᠮᠵᠢᠭᠤᠯᠬᠤ ᠲᠥᠬᠦᠭᠡᠷᠦᠮᠵᠢ ᠨᠡᠮᠡᠵᠦ ᠤᠭᠰᠠᠷᠠᠨ᠂ ᠬᠤᠲᠠ ᠶᠢᠨ CIM ᠲᠠᠪᠴᠠᠩ ᠲᠠᠢ ᠠᠪᠴᠠᠯᠳᠤᠭᠤᠯᠵᠤ᠂ ᠣᠶᠤᠨᠴᠢ ᠪᠠᠷ ᠳᠤᠯᠠᠭᠠᠯᠠᠭ᠎ᠠ ᠬᠠᠩᠭᠠᠬᠤ ᠶᠢ ᠬᠢᠨᠠᠨ | ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠴᠡᠪᠡᠷ ᠳᠤᠯᠠᠭᠠᠯᠠᠭ᠎ᠠ ᠪᠠᠷ ᠣᠷᠣᠯᠠᠭᠤᠯᠬᠤ | ᠲᠤᠷᠰᠢᠯᠲᠠ ᠶᠢᠨ ᠴᠡᠭ ᠤᠨ ᠬᠤᠲᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠤᠯᠠᠭᠠᠨᠪᠠᠯᠭᠠᠰᠤ ᠶᠢᠨ ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠬᠤ | ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ ᠠᠬᠢᠭᠤᠯᠬᠤ ᠶᠢᠨ ᠬᠠᠮᠲᠤ᠂ ᠬᠡᠷᠡᠭᠴᠡᠭᠡ ᠪᠦᠬᠦᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠪᠠ | ᠮᠠᠯᠵᠢᠬᠤ ᠲᠠᠷᠢᠶᠠᠯᠠᠬᠤ ᠣᠷᠣᠨ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠠᠬᠢᠯᠭᠠᠨ ᠡᠨᠧᠷᠭᠢ᠂ ᠠᠭᠠᠷ ᠤᠨ ᠡᠨᠧᠷᠭᠢ᠂ ᠭᠠᠵᠠᠷ ᠤᠨ ᠢᠯᠴᠢ ᠶᠢᠨ | ᠡᠨᠧᠷᠭᠢ ᠵᠡᠷᠭᠡ ᠴᠡᠪᠡᠷ ᠳᠤᠯᠠᠭᠠᠯᠠᠭ᠎ᠠ ᠬᠠᠩᠭᠠᠬᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ | ᠬᠤᠰᠢᠭᠤᠨ ᠤ ᠡᠨᠧᠷᠭᠢ ᠶᠢᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ⒊ ᠳᠤᠯᠠᠭᠠᠯᠠᠭ᠎ᠠ ᠬᠠᠩᠭᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ ᠳᠤᠯᠠᠭᠠᠯᠠᠭ᠎ᠠ ᠬᠠᠩᠭᠠᠬᠤ ᠶᠠᠰᠤ ᠴᠢᠨᠠᠷ ᠢ ᠶᠡᠷᠦᠩᠬᠡᠶᠢᠯᠡᠨ | ᠦᠨᠡᠯᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠬᠦ ᠲᠠᠰ ᠶᠣᠰᠣᠭᠠᠷ ᠲᠥᠷᠥᠯ ᠬᠤᠪᠢᠶᠠᠵᠤ ᠬᠠᠮᠢᠶᠠᠷᠤᠨ᠂ ᠦᠨᠡᠯᠡᠯᠲᠡ ᠰᠠᠶᠢᠨ ᠠᠵᠤ ᠠᠬᠤᠶᠢᠯᠠᠯ ᠳᠤ ᠲᠥᠷᠥᠯ | ᠵᠦᠢᠯ᠂ ᠪᠡᠯᠡ ᠮᠥᠩᠭᠦ ᠵᠡᠷᠭᠡ ᠶᠢᠨ ᠳᠡᠮᠵᠢᠯᠭᠡ ᠦᠵᠡᠭᠦᠯᠵᠦ᠂ ᠦᠨᠡᠯᠡᠯᠲᠡ ᠮᠠᠭᠤ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠪᠤᠶᠤ ᠳᠤᠯᠠᠭᠠᠯᠠᠭ᠎ᠠ ᠬᠠᠩᠭᠠᠬᠤ ᠵᠠᠬ᠎ᠠ ᠳᠡᠯᠭᠡᠭᠦᠷ ᠠᠴᠠ ᠭᠠᠷᠭᠠᠨ᠎ᠠ᠃ ᠳᠤᠯᠠᠭᠠᠯᠠᠭ᠎ᠠ ᠬᠠᠩᠭᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ | ᠲᠠᠪᠴᠠᠩ ᠤᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠲᠦᠭᠡᠮᠡᠯᠵᠢᠭᠦᠯᠬᠦ ᠶᠢ ᠠᠬᠢᠭᠤᠯᠵᠤ᠂ ᠳᠤᠯᠠᠭᠠᠯᠠᠭ᠎ᠠ ᠬᠠᠩᠭᠠᠬᠤ ᠡᠷᠭᠢᠯᠲᠡ ᠶᠢᠨ ᠪᠥᠬᠦ ᠶᠠᠪᠤᠴᠠ ᠶᠢ ᠬᠢᠨᠠᠵᠤ | ᠬᠠᠮᠢᠶᠠᠷᠤᠨ᠂ ︽ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ︾ ᠶᠢ ︽ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ︾ ᠪᠣᠯᠭᠠᠨ ᠬᠤᠪᠢᠷᠠᠭᠤᠯᠤᠨ᠎ᠠ᠃ ᠳᠤᠯᠠᠭᠠᠯᠭ᠎ᠠ | ᠬᠠᠩᠭᠠᠬᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠯᠠᠭᠠᠯᠭ᠎ᠠ ᠬᠠᠩᠭᠠᠬᠤ ᠬᠡᠪᠴᠢᠶ᠎ᠡ ᠪᠠᠷ ᠪᠠᠭ᠎ᠠ᠂ ᠡᠵᠡᠩᠨᠡᠯᠲᠡ ᠨᠢ ᠵᠢᠷᠤᠮᠵᠢᠯ ᠦᠭᠡᠢ᠂ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠷ ᠪᠠᠭᠤᠷᠠᠢ ᠪᠠ ᠠᠯᠳᠠᠭᠳᠠᠯ ᠢᠶᠠᠷ ᠬᠦᠨᠳᠦ ᠳᠤᠯᠠᠭᠠᠯᠠᠭ᠎ᠠ ᠶᠢᠨ ᠠᠵᠤ ᠠᠬᠤᠶᠢᠯᠠᠯ ᠢ ᠵᠠᠬ᠎ᠠ ᠳᠡᠯᠭᠡᠭᠦᠷᠴᠢᠯᠡᠬᠦ ᠠᠷᠭ᠎ᠠ | ᠬᠡᠯᠪᠡᠷᠢ ᠪᠠᠷ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠮᠥᠩᠭᠦ ᠭᠠᠷᠭᠠᠵᠤ ᠬᠤᠪᠢ ᠡᠵᠡᠮᠳᠡᠬᠦ | ᠪᠤᠶᠤ ᠬᠤᠯᠢᠯᠳᠤᠭᠤᠯᠤᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ | ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠲᠤᠭ ᠤᠨ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶ | ⒋ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠳᠠᠬᠢ ᠨᠡᠭᠦᠷᠡᠰᠦᠨ ᠤ | ᠪᠠᠲᠤᠯᠠᠭ᠎ᠠ ᠶᠢ ᠴᠢᠩᠭᠠᠳᠬᠠᠵᠤ᠂ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠭᠡᠷ᠎ᠡ ᠶᠢ ᠬᠡᠷᠡᠭᠵᠢᠭᠦᠯᠦᠭᠰᠡᠨ ᠪᠠᠶᠢᠳᠠᠯ ᠢ ᠴᠢᠩᠭ᠎ᠠ | ᠬᠢᠨᠠᠵᠤ ᠬᠠᠮᠢᠶᠠᠷᠤᠨ᠂ ᠠᠷᠠᠳ ᠤᠨ ᠠᠮᠢᠳᠤᠷᠠᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠰᠠᠭᠠᠳ ᠦᠭᠡᠢ ᠨᠡᠪᠲᠡᠷᠡᠬᠦ ᠲᠡᠭᠡᠭᠡᠪᠦᠷᠢ ᠶᠢᠨ ᠵᠠᠮ ᠢ ᠨᠠᠪᠲᠠᠷᠡᠭᠦᠯᠵᠦ᠂ | ᠳᠤᠯᠠᠭᠠᠯᠠᠭ᠎ᠠ ᠬᠠᠩᠭᠠᠬᠤ ᠠᠵᠦ ᠠᠬᠤᠶᠢᠯᠠᠯ ᠤᠨ ᠬᠡᠷᠡᠭᠯᠡᠬᠦ ᠨᠡᠭᠦᠷᠡᠰᠦ ᠶᠢ ᠪᠠᠲᠤᠯᠠᠨ᠎ᠠ᠃ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠴᠢᠩᠭᠠᠳᠬᠠᠵᠤ᠂ ᠳᠤᠯᠠᠭᠠᠯᠠᠭ᠎ᠠ ᠬᠠᠩᠭᠠᠬᠤ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠬᠤᠲᠠ ᠪᠠᠯᠭᠠᠰᠤ ᠶᠢᠨ ᠳᠤᠯᠠᠭᠠᠯᠠᠭ᠎ᠠ ᠬᠠᠩᠭᠠᠬᠤ ᠪᠠ ᠬᠡᠷᠡᠭᠯᠡᠬᠦ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠢᠯᠡ | ᠨᠡᠶᠢᠲᠡᠯᠡᠬᠦ ᠳᠦᠷᠢᠮ᠂ ᠠᠮᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠬᠡᠷᠡᠭᠯᠡᠭᠴᠢ ᠶᠢᠨ | ᠵᠠᠭᠠᠯᠳᠤᠯᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠶᠢ ᠱᠠᠭᠠᠷᠳᠠᠵᠤ᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠪᠠ | ᠬᠡᠷᠡᠭᠯᠡᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ | ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶ | ︵ᠬᠤᠶᠠᠷ︶ ᠤᠰᠤ ᠬᠠᠩᠭᠠᠬᠤ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ | ⒈ ᠬᠤᠲᠠ ᠪᠠᠯᠭᠠᠰᠤ ᠶᠢᠨ ᠤᠰᠤ ᠬᠠᠩᠭᠠᠬᠤ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠶᠠᠪᠤᠳᠠᠯ ᠤᠨ ᠵᠠᠮ ᠵᠢᠴᠢ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠬᠤᠲᠠ ᠪᠠᠯᠭᠠᠰᠤ ᠶᠢᠨ ᠤᠰᠤ ᠬᠠᠩᠭᠠᠬᠤ ᠬᠠᠭᠤᠴᠢᠨ ᠬᠤᠭᠤᠯᠠᠢ | ᠲᠣᠣᠷ ᠵᠢᠴᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠬᠤᠶᠠᠳᠠᠭᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ | ᠤᠰᠤ ᠬᠠᠩᠭᠠᠬᠤ ᠲᠥᠬᠦᠭᠡᠷᠦᠮᠵᠢ ᠶᠢᠨ ᠲᠦᠭᠰᠢᠭᠦᠷᠢ ᠶᠢ ᠡᠰᠡᠷᠭᠦᠴᠡᠬᠦ ᠪᠠ ᠠᠮᠤᠷ ᠲᠦᠪᠰᠢᠨ ᠢᠶᠠᠷ ᠡᠷᠭᠢᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ | ᠪᠠᠯᠭᠠᠰᠤ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ 9% ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ ︵ | ᠲᠦᠷᠦᠭᠦᠯᠡᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ᠂ | ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ⒉ ᠰᠠᠭᠤᠭᠠᠯᠢ ᠠᠷᠠᠳ ᠤᠨ ᠤᠰᠤ ᠬᠡᠷᠡᠭᠯᠡᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠤᠰᠤ ᠬᠠᠩᠭᠠᠬᠤ ᠶᠢ ᠰᠢᠢᠳᠪᠦᠷᠢᠯᠡᠬᠦ ᠡᠯ᠎ᠡ ᠲᠥᠷᠥᠯ ᠤᠨ ᠲᠥᠬᠦᠭᠡᠷᠦᠮᠵᠢ ᠶᠢ ᠦᠷᠭᠦᠯᠵᠢᠯᠡᠨ ᠰᠢᠨᠡᠳᠬᠡᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠤᠰᠤᠨ ᠤ ᠬᠠᠩᠭᠠᠯᠭ᠎ᠠ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠤᠯᠤᠰ ᠤᠨ ᠬᠠᠮᠤᠭ ᠤᠨ ᠰᠢᠨ᠎ᠡ ᠨᠡᠶᠢᠲᠡᠯᠡᠭᠰᠡᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠶᠣᠰᠣᠭᠠᠷ᠂ ᠤᠰᠤᠨ ᠤ ᠴᠢᠨᠠᠷ ᠤᠨ | ᠡᠳᠦᠷ ᠤᠨ ᠪᠠᠶᠢᠴᠠᠭᠠᠯᠲᠠ᠂ ᠰᠠᠷ᠎ᠠ ᠶᠢᠨ ᠪᠠᠶᠢᠴᠠᠭᠠᠯᠲᠠ᠂ ᠣᠨ ᠤ ᠪᠠᠶᠢᠴᠠᠭᠠᠯᠲᠠ ᠳᠤ ᠦᠢᠯᠡᠳᠪᠦᠷᠢ ᠠᠴᠠ ᠭᠠᠷᠬᠤ ᠤᠰᠤ᠂ ᠬᠤᠭᠤᠯᠠᠢ ᠲᠣᠣᠷ ᠲᠠᠬᠢ ᠤᠰᠤ ᠪᠠ | ᠬᠡᠷᠡᠭᠯᠡᠭᠡᠨ ᠤ ᠤᠰᠤᠨ ᠤ ᠪᠥᠬᠦ ᠶᠠᠪᠤᠴᠠ ᠶᠢ ᠪᠠᠶᠢᠴᠠᠭᠠᠨ ᠬᠡᠮᠵᠢᠬᠦ ᠶᠢ ᠣᠷᠣᠭᠤᠯᠤᠨ᠎ᠠ᠃ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ︽ | ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ︵GB5749 ︱ 2022︶ ᠳᠤ ᠲᠣᠭᠲᠠᠭᠠᠭᠰᠠᠨ ᠭᠦᠢᠴᠡᠳᠬᠡᠯ ᠲᠤᠭ᠎ᠠ | ᠶᠣᠰᠣᠭᠠᠷ ᠤᠰᠤ ᠲᠠᠲᠠᠷᠠᠬᠤ ᠬᠤᠭᠤᠴᠠᠭ᠎ᠠ ︵5 ᠳ᠋ᠤᠭᠠᠷ ᠰᠠᠷ᠎ᠠ︶᠂ ᠤᠰᠤ ᠡᠯᠪᠡᠭᠵᠢᠬᠦ ᠬᠤᠭᠤᠴᠠᠭ᠎ᠠ ︵8᠂ 9 ᠳ᠋ᠦ᠋ᠭᠡᠷ ᠰᠠᠷ᠎ᠠ︶ ᠶᠢᠨ ᠬᠢᠨᠠᠨ ᠬᠡᠮᠵᠢᠬᠦ ᠠᠵᠢᠯ ᠢ | ᠥᠷᠨᠢᠭᠦᠯᠬᠦ ᠶᠢᠨ ᠬᠠᠮᠲᠤ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠢᠯᠡ ᠪᠣᠯᠭᠠᠨ᠎ᠠ︔ | ᠱᠠᠭᠠᠷᠳᠠᠯᠭ᠎ᠠ ᠶᠣᠰᠣᠭᠠᠷ ᠤᠯᠠᠷᠢᠯ ᠪᠦᠷᠢ ᠳᠤ ᠬᠤᠲᠠ ᠶᠢᠨ ᠤᠰᠤ ᠶᠢ ᠪᠠᠶᠢᠴᠠᠭᠠᠨ ᠬᠡᠮᠵᠢᠬᠦ ᠵᠢᠴᠢ ᠢᠯᠡ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠡᠬᠢ | ᠡᠭᠦᠰᠦᠯ ᠠᠴᠠ ᠨᠢ ᠤᠰᠤᠨ ᠭᠤᠭᠤᠵᠢᠭᠤᠷ ᠬᠦᠷᠲᠡᠯᠡᠬᠢ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠳᠦᠷᠢᠮ ᠢ ᠲᠣᠭᠲᠠᠭᠠᠵᠤ᠂ ᠤᠰᠤᠨ ᠤ ᠴᠢᠨᠠᠷ ᠢ ᠨᠡᠶᠢᠳᠡᠮ | ᠪᠠᠶᠢᠴᠠᠭᠠᠵᠤ ᠬᠡᠮᠵᠢᠨ᠂ ᠤᠰᠤᠨ ᠤ ᠴᠢᠨᠠᠷ ᠢ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠬᠠᠮᠲᠤᠪᠠᠷ ᠡᠳ᠋ᠯᠡᠬᠦ᠂ ᠠᠰᠠᠭᠤᠳᠠᠯ ᠢ ᠮᠡᠳᠡᠭᠡᠯᠡᠬᠦ ᠪᠠ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠤᠤᠭᠤᠬᠤ ᠤᠰᠤᠨ ᠤ ᠠᠮᠤᠷ ᠲᠦᠪᠰᠢᠨ ᠢ | ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠢ᠄ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠤᠰᠤ | ᠬᠠᠩᠭᠠᠬᠤ ᠠᠵᠤ ᠠᠬᠤᠶᠢᠯᠠᠯ︶ | ⒊ ᠠᠷᠪᠢᠯᠠᠨ ᠭᠠᠮᠨᠠᠵᠤ ᠡᠷᠴᠢᠮᠲᠡᠢ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ᠂ | ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ᠂ ᠤᠰᠤ ᠠᠷᠪᠢᠯᠠᠬᠤ ᠬᠡᠯᠪᠡᠷᠢ ᠶᠢᠨ ᠨᠢᠭᠡᠴᠢ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ | ᠪᠠᠶᠢᠭᠤᠯᠬᠤ ᠠᠵᠢᠯ ᠢ ᠠᠬᠢᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠳᠠ ᠶᠢᠨ ᠤᠰᠤ ᠠᠷᠪᠢᠯᠠᠬᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠵᠦ ᠳᠠᠩᠰᠠᠯᠠᠬᠤ ᠶᠢᠨ ᠬᠠᠮᠲᠤ ᠤᠰᠤ ᠠᠷᠪᠢᠯᠠᠬᠤ ᠳᠤ ︽ᠭᠤᠷᠪᠠ ᠶᠢ | ᠬᠠᠮᠲᠤ ᠳᠤᠨᠢ ᠬᠢᠬᠦ︾ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠨᠢᠭᠡ ᠡᠷᠦᠬᠡ ᠳᠤ ᠨᠢᠭᠡ ᠬᠡᠮᠵᠢᠭᠦᠷ ᠲᠣᠬᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠨᠢᠭᠡᠴᠢ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠭᠦᠢᠴᠡᠳᠬᠡᠯ ᠲᠤᠭ᠎ᠠ ᠪᠠᠭᠤᠯᠭᠠᠨ᠂ ᠨᠣᠷᠮ᠎ᠠ ᠲᠣᠭᠲᠠᠭᠠᠵᠤ | ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤ ᠤᠰᠤᠨ ᠤ ᠱᠠᠲᠤᠯᠢᠭ ᠦᠨ᠎ᠡ ᠪᠣᠯᠣᠨ | ᠰᠠᠭᠤᠭᠠᠯᠢ ᠠᠷᠠᠳ ᠤᠨ ᠪᠤᠰᠤ ᠲᠣᠭᠲᠠᠭᠰᠠᠨ ᠨᠤᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠨᠡᠶᠢᠯᠡᠭᠦᠯᠦᠨ ᠪᠤᠳᠤᠵᠤ ᠦᠨ᠎ᠡ ᠨᠡᠮᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ | ᠡᠯ᠎ᠡ ᠤᠰᠤ ᠬᠠᠩᠭᠠᠬᠤ ᠠᠵᠤ ᠠᠬᠤᠶᠢᠯᠠᠯ︶ | ⒋ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠩᠭᠦᠢ | ᠤᠰᠤᠨ ᠤ ᠬᠠᠩᠭᠠᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠣᠷᠳᠣᠰ ᠬᠤᠲᠠ ᠶᠢᠨ ᠣᠲᠤᠭ ᠬᠤᠰᠢᠭᠤᠨ ᠤ ᠮᠠᠯᠵᠢᠬᠤ ᠣᠷᠣᠨ ᠤ ᠤᠰᠤ | ᠬᠠᠩᠭᠠᠬᠤ ᠶᠢ ᠪᠠᠲᠤᠯᠠᠬᠤ ᠲᠥᠷᠥᠯ ᠵᠦᠢᠯ ︵ᠬᠤᠯᠠ ᠠᠴᠠ ᠤᠰᠤ ᠲᠠᠲᠠᠬᠤ ᠬᠤᠶᠠᠳᠤᠭᠠᠷ ᠬᠤᠭᠤᠴᠠᠭ᠎ᠠ︶ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | 11 ᠭᠠᠴᠠᠭ᠎ᠠ ᠲᠣᠰᠬᠤᠨ ᠤ 705 ᠬᠥᠮᠥᠨ ᠤ ᠬᠤᠯᠠ ᠠᠴᠠ ᠤᠰᠤ ᠲᠠᠲᠠᠬᠤ ᠠᠰᠠᠭᠤᠳᠠᠯ ᠢ ᠰᠢᠢᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ | ᠤᠰᠤᠨ ᠠᠰᠢᠭᠯᠠᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠭᠤᠷᠪᠠ︶ ᠴᠠᠬᠢᠯᠭᠠᠨ ᠬᠠᠩᠭᠠᠬᠤ ᠪᠠᠲᠤᠯᠠᠭ᠎ᠠ ᠶᠢᠨ ᠬᠦᠷᠢᠶ᠎ᠡ | ⒈ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠤ ᠲᠣᠣᠷ ᠢ ᠲᠠᠰ ᠳᠡᠪᠰᠢᠭᠦᠯᠬᠦ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ | ᠴᠠᠬᠢᠯᠭᠠᠨ ᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ | ᠴᠠᠬᠢᠯᠭᠠᠨ ᠤ ᠬᠡᠷᠡᠭᠴᠡᠭᠡ ᠶᠢ ᠪᠥᠬᠦ ᠲᠠᠯ᠎ᠠ ᠪᠠᠷ ᠪᠠᠲᠤᠯᠠᠨ᠂ ᠴᠡᠪᠡᠷ ᠳᠤᠯᠠᠭᠠᠯᠠᠭ᠎ᠠ ᠶᠢᠨ ᠢᠵᠢ ᠲᠦᠬᠦᠷ ᠴᠠᠬᠢᠯᠭᠠᠨ ᠬᠠᠩᠭᠠᠬᠤ ᠢᠨᠵᠧᠨᠧᠷᠢᠩ ᠢ 1᠂ ᠬᠥᠳᠡᠭᠡ | ᠲᠣᠰᠬᠤᠨ ᠤ ᠴᠠᠬᠢᠯᠭᠠᠨ ᠤ ᠲᠣᠣᠷ ᠢ ᠪᠠᠬᠢᠵᠢᠭᠦᠯᠦᠨ ᠰᠠᠶᠢᠵᠢᠷᠠᠭᠤᠯᠬᠤ 10 ᠺᠢᠯᠤᠸᠤᠯᠲ ᠵᠢᠴᠢ 10 ᠺᠢᠯᠤᠸᠤᠯᠲ ᠠᠴᠠ ᠳᠣᠷᠣᠭᠰᠢᠬᠢ ᠢᠨᠵᠧᠨᠧᠷᠢᠩ ᠢ 2᠂ | ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠮᠠᠯᠵᠢᠬᠤ ᠡᠷᠦᠬᠡ ᠶᠢ ᠴᠠᠬᠢᠯᠭᠠᠨ ᠤ ᠲᠣᠣᠷ ᠲᠤ ᠣᠷᠣᠭᠤᠯᠤᠨ ᠴᠠᠬᠢᠯᠭᠠᠨ ᠬᠠᠩᠭᠠᠬᠤ ᠢᠨᠵᠧᠨᠧᠷᠢᠩ ᠢ 1 ᠬᠡᠷᠡᠭᠵᠢᠭᠦᠯᠵᠦ᠂ | ᠮᠧᠩ ᠰᠢ ᠪᠠᠯᠭᠠᠰᠤ ᠶᠢᠨ 1013 ᠮᠠᠯᠴᠢᠨ ᠲᠠᠷᠢᠶᠠᠴᠢᠨ ᠡᠷᠦᠬᠡ ᠶᠢᠨ ᠨᠡᠭᠦᠷᠡᠰᠦ ᠪᠠᠷ ᠳᠤᠯᠠᠭᠠᠯᠠᠭ᠎ᠠ ᠬᠠᠩᠭᠠᠵᠤ ᠪᠠᠶᠢᠭᠰᠠᠨ ᠢ ᠴᠠᠬᠢᠯᠭᠠᠨ ᠢᠶᠠᠷ ᠬᠠᠩᠭᠠᠬᠤ ᠪᠣᠯᠭᠠᠨ | ᠥᠭᠡᠷᠡᠴᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠠᠮᠢ ᠠᠬᠤᠢ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠣᠲᠤᠭ ᠤᠨ ᠴᠠᠬᠢᠯᠭᠠᠨ ᠬᠠᠩᠭᠠᠬᠤ ᠺᠣᠮᠫᠠᠨᠢ᠂ ᠴᠢ ᠫᠠᠨ | ᠵᠢᠩ ᠴᠠᠬᠢᠯᠭᠠᠨ ᠬᠠᠩᠭᠠᠬᠤ ᠺᠣᠮᠫᠠᠨᠢ︶ | ⒉ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ | ᠲᠥᠷᠥᠯ ᠵᠦᠢᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢ ᠴᠢᠬᠤᠯᠠᠴᠢᠯᠠᠵᠤ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ | ᠵᠠᠮ ᠤᠨ ᠴᠢᠷᠦᠯᠲᠡ ᠶᠢᠨ ᠥᠷᠲᠡᠭᠡ ᠶᠢᠨ 220kV ᠤᠨ ᠴᠠᠬᠢᠯᠭᠠᠨ ᠳᠠᠮᠵᠢᠭᠤᠯᠬᠤ ᠱᠤᠭᠤᠮ ᠤᠨ ᠢᠨᠵᠧᠨᠧᠷᠢᠩ ᠤᠨ 1 ᠲᠥᠷᠥᠯ ᠵᠦᠢᠯ᠂ ᠥᠪᠥᠷ ᠮᠣᠩᠭᠤᠯ ᠤᠨ | ᠪᠦᠦ ᠰᠢᠨ ᠯᠢᠤᠢ ᠨᠸᠡᠭ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠦ ᠰᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠲᠤᠭ ᠬᠤᠰᠢᠭᠤᠨ ᠤ 2GW ᠬᠡᠷᠴᠢᠮ᠂ 2GW ᠥᠨᠳᠥᠷ ᠦᠷ᠎ᠡ ᠠᠰᠢᠭ ᠲᠠᠢ ᠣᠨᠳᠣᠣ ᠴᠢᠨᠠᠷ ᠤᠨ ᠠᠭᠤᠯᠵᠠᠷ ᠲᠠᠢ ᠴᠠᠬᠢᠯᠭᠠᠨ ᠴᠡᠨᠡᠭ ᠵᠢᠴᠢ | ᠤᠭᠰᠠᠷᠠᠭ᠎ᠠ ᠲᠣᠨᠤᠭ ᠦᠢᠯᠡᠳᠬᠦ ᠲᠥᠷᠥᠯ ᠵᠦᠢᠯ ᠤᠨ 110kV ᠴᠠᠬᠢᠯᠭᠠᠨ ᠬᠠᠩᠭᠠᠬᠤ ᠱᠤᠭᠤᠮ ᠤᠨ ᠢᠨᠵᠧᠨᠧᠷᠢᠩ ᠤᠨ 1 ᠲᠥᠷᠥᠯ ᠵᠦᠢᠯ ᠢ ᠬᠡᠷᠡᠭᠵᠢᠭᠦᠯᠵᠦ᠂ | ᠪᠦᠦ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠠᠬᠢᠯᠭᠠᠨ ᠬᠡᠷᠡᠭᠯᠡᠬᠦ ᠪᠠ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ | ᠴᠢᠷᠦᠯᠲᠡ ᠶᠢᠨ ᠥᠷᠲᠡᠭᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ | ᠬᠠᠮᠵᠢᠯᠴᠠᠬᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ⒊ ᠪᠣᠬᠢᠷᠲᠤᠯ ᠦᠭᠡᠢ ᠴᠠᠬᠢᠯᠭᠠᠨ ᠢᠶᠠᠷ ᠰᠦᠯᠵᠢᠶᠡᠨ ᠳᠤ ᠭᠠᠷᠬᠤ ᠶᠢ ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠢ ᠱᠠᠭᠠᠷᠳᠠᠨ ᠭᠦᠢᠴᠡᠳᠬᠡᠭᠦᠯᠬᠦ | ᠲᠣᠭᠲᠠᠴᠠ ᠶᠢ ᠪᠦᠷᠢᠨᠰᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠵᠢᠶᠦ᠋ᠨ ᠵᠧᠩ ᠤᠨ 45 ᠲᠦᠮᠡᠨ ᠺᠢᠯᠣᠸᠠᠲ ᠤᠨ ᠬᠡᠷᠡᠯ ᠸᠣᠯᠲ᠂ ᠱᠧᠨ ᠨᠸᠡᠭ | ᠪᠸᠢ ᠹᠠᠨᠭ᠌ ᠤᠨ ᠰᠠᠯᠬᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠡᠷᠭᠡ ᠲᠥᠷᠥᠯ ᠵᠦᠢᠯ ᠤᠨ ᠲᠣᠣᠷ ᠢ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠷᠭᠡᠳᠬᠡᠨ | ᠠᠬᠢᠭᠤᠯᠵᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠣᠯᠬᠤ ᠪᠠᠷ ᠴᠢᠷᠮᠠᠶᠢᠨ᠂ ᠰᠢᠨ᠎ᠡ ᠡᠨᠧᠷᠭᠢ ᠶᠢᠨ ᠳᠣᠲᠣᠭᠠᠳᠤ ᠳᠠᠭᠠᠨ ᠬᠠᠩᠭᠠᠵᠤ ᠭᠠᠳᠠᠭᠰᠢ | ᠬᠦᠷᠭᠡᠬᠦ ᠵᠠᠮ ᠢ ᠨᠠᠪᠲᠠᠷᠡᠭᠦᠯᠵᠦ᠂ 2024 ᠣᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 140 ᠲᠦᠮᠡᠨ ᠺᠢᠯᠣᠸᠠᠲ ᠠᠴᠠ ᠳᠠᠪᠠᠭᠤᠯᠤᠨ᠂ ᠪᠣᠬᠢᠷᠲᠤᠯ | ᠦᠭᠡᠢ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ 22% ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ | ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠳᠥᠷᠪᠡ︶ ᠬᠡᠢ ᠬᠠᠩᠭᠠᠬᠤ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ | ⒈ ᠬᠡᠢ ᠬᠠᠩᠭᠠᠬᠤ ᠬᠤᠭᠤᠯᠠᠢ ᠲᠣᠣᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠶᠢ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠬᠦ ᠲᠠᠢ ᠤᠶᠠᠯᠳᠤᠭᠤᠯᠵᠤ᠂ 2023 ᠣᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠲᠥᠬᠦᠭᠡᠷᠦᠮᠵᠢ ᠶᠢᠨ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠪᠠ ᠬᠤᠭᠤᠯᠠᠢ ᠲᠣᠣᠷ ᠤᠨ ᠪᠣᠳᠠᠲᠠᠢ ᠡᠷᠭᠢᠯᠲᠡ ᠶᠢᠨ ᠪᠠᠶᠢᠳᠠᠯ ᠢ ᠦᠨᠳᠦᠰᠦᠯᠡᠨ᠂ ᠪᠦᠲᠦᠭᠡᠨ ᠪᠠᠶᠢᠭᠤᠯᠬᠤ᠂ ᠥᠭᠡᠷᠡᠴᠢᠯᠡᠬᠦ | ᠲᠥᠷᠥᠯ ᠵᠦᠢᠯ ᠤᠨ ᠬᠥᠮᠥᠷᠭᠡ ᠭᠠᠷᠭᠠᠵᠤ᠂ ᠣᠨ ᠬᠤᠪᠢᠶᠠᠨ ᠠᠬᠢᠭᠤᠯᠤᠨ᠎ᠠ᠃ 10 ᠺᠢᠯᠣᠮᠧᠲᠷ ᠤᠨ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠰᠢᠨ᠎ᠡ ᠪᠠᠷ | ᠤᠭᠰᠠᠷᠠᠵᠤ᠂ ᠨᠡᠪᠲᠡᠷᠡᠭᠦᠯᠬᠦ ᠶᠣᠰᠣᠲᠠᠢ ᠶᠢ ᠨᠢ ᠪᠦᠬᠦᠨ ᠢ ᠨᠡᠪᠲᠡᠷᠡᠭᠦᠯᠦᠨ᠂ ᠰᠢᠲᠠᠮᠠᠬᠠᠢ ᠬᠡᠢ ᠶᠢ ᠨᠡᠶᠢᠳᠡᠮ ᠲᠦᠭᠡᠮᠡᠯᠵᠢᠭᠦᠯᠬᠦ ᠨᠤᠷᠮ᠎ᠠ ᠶᠢᠨ ᠲᠣᠭᠲᠠᠭᠰᠠᠨ | ᠬᠠᠷᠠᠯᠲᠠ ᠶᠢ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠵᠠᠮ ᠤᠨ ᠲᠤᠭ᠎ᠠ ᠶᠢ ᠦᠨᠳᠦᠰᠦᠯᠡᠨ᠂ ᠬᠤᠭᠤᠯᠠᠢ ᠲᠣᠣᠷ ᠢ | ᠲᠣᠭᠤᠷᠢᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠂ ᠯᠠᠶᠢᠰᠧᠷ ᠢᠶᠠᠷ | ᠪᠠᠶᠢᠴᠠᠭᠠᠨ ᠬᠡᠮᠵᠢᠬᠦ ᠪᠠᠭᠠᠵᠢ᠂ ᠲᠦᠯᠬᠢᠬᠦ ᠮᠠᠶ᠋ᠢᠭ ᠤᠨ ᠪᠠᠶᠢᠴᠠᠭᠠᠨ ᠬᠡᠮᠵᠢᠬᠦ ᠪᠠᠭᠠᠵᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠳᠠᠯᠳᠠ ᠬᠡᠮ ᠢ ᠴᠠᠭ ᠲᠤᠬᠠᠢ | ᠳᠤᠨᠢ ᠨᠠᠷᠢᠨ ᠪᠠᠶᠢᠴᠠᠭᠠᠵᠤ᠂ ᠡᠷᠭᠢᠯᠲᠡ ᠶᠢᠨ ᠠᠮᠤᠷ ᠲᠦᠪᠰᠢᠨ ᠢ ᠪᠠᠲᠤᠯᠠᠨ᠎ᠠ᠃ ᠢᠳᠡᠭᠡᠨ ᠤᠮᠳᠠᠭᠠᠨ ᠵᠡᠷᠭᠡ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠤᠨ ︽ᠬᠡᠢ | ᠰᠠᠪᠠᠯᠠᠬᠤ ᠰᠠᠪᠠ ᠶᠢ ᠳᠠᠮᠵᠢᠭᠤᠯᠬᠤ ᠬᠤᠭᠤᠯᠠᠢ ᠪᠣᠯᠭᠠᠨ ᠥᠭᠡᠷᠡᠴᠢᠯᠡᠬᠦ︾᠂ ︽ᠰᠢᠲᠠᠮᠠᠬᠠᠢ ᠬᠡᠢ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠲᠦᠷᠭᠡᠨ | ᠠᠬᠢᠭᠤᠯᠵᠤ᠂ 93 ᠡᠷᠦᠬᠡ ᠶᠢᠨ ︽ᠬᠡᠢ ᠰᠠᠪᠠᠯᠠᠬᠤ ᠰᠠᠪᠠ ᠶᠢ ᠳᠠᠮᠵᠢᠭᠤᠯᠬᠤ ᠬᠤᠭᠤᠯᠠᠢ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢ ᠪᠡᠶᠡᠯᠡᠭᠦᠯᠦᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ⒉ ᠬᠡᠢ ᠬᠠᠳᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ | ᠰᠢᠲᠠᠮᠠᠬᠠᠢ ᠬᠡᠢ ᠬᠠᠳᠠᠭᠠᠯᠠᠬᠤ ᠡᠭᠦᠷᠭᠡ ᠶᠢ ᠲᠤᠰᠬᠠᠢ ᠲᠥᠯᠦᠪᠵᠢᠭᠦᠯᠭᠡ ᠳᠤ ᠣᠷᠣᠭᠤᠯᠤᠨ᠂ ᠰᠢᠲᠠᠮᠠᠬᠠᠢ ᠬᠡᠢ ᠬᠡᠷᠡᠭᠯᠡᠬᠦ ᠬᠡᠮᠵᠢᠶ᠎ᠡ ᠯᠦᠭᠡ ᠵᠣᠬᠢᠴᠠᠯᠳᠤᠭᠰᠠᠨ | ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢ ᠵᠣᠬᠢᠰᠲᠠᠢ ᠪᠠᠶᠢᠷᠢᠰᠢᠭᠤᠯᠤᠨ ᠪᠠᠶᠢᠭᠤᠯᠵᠤ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠢ ᠣᠷᠭᠠᠨᠢᠭ ᠢᠶᠠᠷ | ᠤᠶᠠᠯᠳᠤᠭᠤᠯᠤᠭᠰᠠᠨ᠂ ᠬᠠᠷᠢᠯᠴᠠᠨ ᠨᠥᠬᠦᠪᠦᠷᠢᠯᠡᠵᠦ ᠬᠠᠮᠲᠤᠷᠠᠨ ᠬᠥᠳᠡᠯᠦᠯᠴᠡᠭᠰᠡᠨ ᠨᠥᠭᠡᠴᠡᠯᠡᠬᠦ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠨᠥᠬᠦᠴᠡᠯ ᠲᠠᠢ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠬᠦ ᠶᠢ ᠳᠡᠮᠵᠢᠵᠦ᠂ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢ | ᠪᠠᠶᠢᠭᠤᠯᠬᠤ ᠨᠥᠬᠦᠴᠡᠯ ᠦᠭᠡᠢ ᠣᠷᠣᠨ ᠪᠦᠰᠡ ᠪᠠ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠳᠤ᠂ ᠰᠢᠲᠠᠮᠠᠬᠠᠢ ᠬᠡᠢ ᠬᠠᠳᠠᠭᠠᠯᠠᠬᠤ | ᠦᠢᠯᠡᠴᠢᠯᠡᠭᠡ ᠶᠢ ᠲᠦᠷᠢᠶᠡᠰᠦᠯᠡᠬᠦ᠂ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ ᠶᠢ ᠪᠠᠲᠤᠯᠠᠬᠤ ᠶᠢ | ᠵᠣᠷᠢᠭᠵᠢᠭᠤᠯᠤᠨ᠎ᠠ᠃ ᠨᠢᠭᠡᠨᠲᠡ ᠪᠠᠶᠢᠭᠤᠯᠤᠭᠰᠠᠨ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢ ᠬᠠᠳᠠᠭᠠᠯᠠᠪᠠᠰᠤ ᠵᠣᠬᠢᠬᠤ ᠶᠢ ᠨᠢ ᠪᠦᠬᠦᠨ ᠢ ᠬᠠᠳᠠᠭᠠᠯᠠᠬᠤ ᠶᠢ | ᠪᠠᠷᠢᠮᠲᠠᠯᠠᠵᠤ᠂ ᠳᠤᠯᠠᠭᠠᠯᠠᠭ᠎ᠠ ᠶᠢᠨ ᠤᠯᠠᠷᠢᠯ ᠢᠯᠠᠩᠭᠤᠶ᠎ᠠ ᠣᠷᠭᠢᠯ ᠦᠶ᠎ᠡ ᠶᠢᠨ ᠬᠠᠩᠭᠠᠯᠭ᠎ᠠ ᠶᠢᠨ ᠬᠡᠷᠡᠭᠴᠡᠭᠡ ᠶᠢ ᠪᠠᠲᠤᠯᠠᠨ᠂ ᠰᠢᠲᠠᠮᠠᠬᠠᠢ ᠬᠡᠢ ᠬᠠᠳᠠᠭᠠᠯᠠᠬᠤ | ᠴᠢᠳᠠᠪᠤᠷᠢ ᠶᠢ ᠲᠣᠰ ᠵᠠᠰᠠᠭ ᠵᠠᠬᠢᠷᠭᠠᠨ ᠤ ᠣᠷᠣᠨ ᠤ 3 ᠡᠳᠦᠷ ᠤᠨ ᠳᠤᠮᠳᠠᠴᠢ ᠬᠡᠷᠡᠭᠯᠡᠭᠡᠨ ᠤ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠤᠲᠠ | ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ ᠶᠢ ᠲᠡᠳᠡᠨ ᠤ ᠵᠢᠯ ᠤᠨ ᠬᠡᠷᠡᠭᠯᠡᠬᠦ ᠬᠡᠢ ᠶᠢᠨ ᠬᠡᠮᠵᠢᠶ᠎ᠡ ᠶᠢᠨ | 5% ᠠᠴᠠ ᠳᠣᠣᠷᠠᠳᠠᠭᠤᠯᠬᠤ ᠦᠭᠡᠢ ᠪᠠᠶᠢᠯᠭᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ | ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ⒊ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠥᠷᠲᠡᠭᠡᠨ ᠤ ᠡᠵᠡᠮᠰᠢᠯ ᠤᠨ SCADA ᠰᠢᠰᠲ᠋ᠧᠮ ᠪᠠ GIS | ᠰᠢᠰᠲ᠋ᠧᠮ ᠢ ᠰᠠᠶᠢᠲᠤᠷ ᠬᠡᠷᠡᠭᠯᠡᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠣᠭᠠᠴᠢᠯᠠᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠶᠠᠪᠤᠴᠠ ᠶᠢ ᠬᠢᠨᠠᠨ ᠬᠡᠮᠵᠢᠬᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠠ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠰᠠᠪᠠᠨ ᠳᠤ ᠰᠠᠪᠠᠯᠠᠭᠰᠠᠨ ᠰᠢᠩᠭᠡᠨ ᠪᠡᠶᠡᠲᠦ ᠴᠢᠯᠠᠭᠤᠨ ᠲᠣᠰᠣ ᠬᠡᠢ ᠶᠢᠨ ᠠᠵᠤ | ᠠᠬᠤᠶᠢᠯᠠᠯ ᠤᠨ ᠰᠠᠪᠠᠨ ᠳᠤ ᠰᠠᠪᠠᠯᠠᠭᠰᠠᠨ ᠰᠢᠲᠠᠮᠠᠬᠠᠢ ᠬᠡᠢ ᠶᠢ ᠣᠶᠤᠨᠴᠢ ᠪᠠᠷ ᠬᠠᠮᠢᠶᠠᠷᠬᠤ ᠰᠢᠰᠲ᠋ᠧᠮ ᠪᠠᠶᠢᠭᠤᠯᠬᠤ ᠶᠢ ᠱᠠᠭᠠᠷᠳᠠᠵᠤ᠂ ᠬᠡᠢ ᠰᠠᠪᠠᠯᠠᠬᠤ ᠰᠠᠪᠠ ᠶᠢ | ᠬᠥᠳᠡᠯᠦᠩᠭᠦᠢ ᠪᠠᠷ ᠮᠥᠷᠳᠡᠨ᠂ ᠬᠡᠢ ᠰᠠᠪᠠᠯᠠᠬᠤ ᠰᠠᠪᠠ ᠶᠢᠨ ᠭᠦᠢᠯᠭᠡᠭᠡᠨ ᠤ ᠪᠥᠬᠦ ᠶᠠᠪᠤᠴᠠ ᠶᠢ ᠮᠥᠷᠳᠡᠨ ᠬᠠᠮᠢᠶᠠᠷᠤᠨ᠎ᠠ᠃ ᠰᠢᠲᠠᠮᠠᠬᠠᠢ ᠬᠡᠢ ᠶᠢᠨ ᠪᠠᠭᠠᠵᠢ ᠵᠢᠴᠢ | ᠰᠢᠲᠠᠮᠠᠬᠠᠢ ᠬᠡᠢ ᠶᠢᠨ ᠰᠡᠯᠪᠢᠭ ᠲᠣᠨᠤᠭ ᠢ ᠪᠣᠷᠣᠯᠠᠭᠤᠯᠬᠤ ᠵᠠᠬ᠎ᠠ ᠳᠡᠯᠭᠡᠭᠦᠷ ᠢ ᠶᠡᠬᠡᠪᠡᠷ ᠴᠡᠭᠴᠡᠯᠡᠵᠦ᠂ ᠪᠠᠶᠢᠭᠤᠯᠭ᠎ᠠ ᠨᠤᠭᠤᠳ ᠬᠠᠮᠲᠤᠷᠠᠨ ᠬᠠᠤᠯᠢ ᠬᠡᠷᠡᠭᠵᠢᠭᠦᠯᠬᠦ᠂ | ᠰᠣᠯᠪᠢᠴᠠᠨ ᠬᠠᠷᠢᠯᠴᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠢᠳᠡᠪᠬᠢᠲᠡᠢ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ᠂ ᠡᠭᠦᠳᠡ ᠶᠢ ᠨᠢ ᠬᠠᠭᠠᠵᠤ ᠬᠦᠴᠦᠨ ᠦᠭᠡᠢ ᠪᠣᠯᠭᠠᠬᠤ᠂ ᠴᠢᠩᠭ᠎ᠠ ᠪᠠᠷ ᠰᠢᠢᠳᠬᠡᠬᠦ ᠪᠠ ︽ᠨᠢᠭᠡ ᠬᠡᠷᠡᠭ ᠠᠴᠠ | ᠬᠤᠣᠰ ᠬᠠᠷᠢᠭᠤᠴᠠᠯᠭ᠎ᠠ ᠨᠡᠬᠡᠮᠵᠢᠯᠡᠵᠦ ᠰᠢᠢᠳᠬᠡᠬᠦ︾ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠠᠤᠯᠢ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ | ᠥᠭᠭᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠢ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠲᠦᠷᠦᠭᠦᠯᠡᠨ ᠬᠢᠬᠦ ᠪᠠᠶᠢᠭᠤᠯᠭ᠎ᠠ ᠳᠤᠯᠠᠭᠠᠨ ᠢᠨᠵᠧᠨᠧᠷᠢᠩ ᠢ | ᠲᠡᠷᠢᠭᠦᠨ ᠢᠨᠵᠧᠨᠧᠷᠢᠩ ᠪᠣᠯᠭᠠᠨ ᠠᠬᠢᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠭᠤᠣᠯ ᠬᠠᠷᠢᠭᠤᠴᠠᠯᠭᠠᠲᠠᠨ ᠡᠷᠬᠡᠪᠰᠢ ᠪᠡᠶ᠎ᠡ ᠪᠠᠷ ᠢᠶᠠᠨ ᠰᠤᠳᠤᠯᠵᠤ | ᠪᠠᠶᠢᠷᠢᠯᠠᠭᠤᠯᠤᠨ ᠠᠬᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ | ᠠᠬᠢᠭᠤᠯᠵᠤ᠂ ︽ᠳᠥᠷᠪᠡᠨ ᠪᠠᠲᠤᠯᠠᠭ᠎ᠠ︾ ᠪᠠᠷ ᠭᠤᠣᠯᠳᠠᠯᠭ᠎ᠠ ᠪᠣᠯᠭᠠᠭᠰᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ | ᠪᠠᠶᠢᠭᠤᠯᠤᠨ ᠲᠡᠭᠦᠯᠳᠡᠷᠵᠢᠭᠦᠯᠦᠨ᠎ᠡ᠃ | ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠨ ᠤᠰᠤ ᠴᠠᠬᠢᠯᠭᠠᠨ ᠬᠡᠢ | ᠳᠤᠯᠠᠭᠠᠯᠭ᠎ᠠ ᠶᠢᠨ ᠡᠵᠡᠩᠨᠡᠯᠲᠡ ᠶᠢᠨ ᠨᠢᠭᠡᠴᠢ ᠶᠢᠨ ᠡᠯ᠎ᠡ ᠲᠦᠷᠦᠯ ᠤᠨ ᠬᠠᠭᠤᠴᠢᠨ ᠥᠷᠢ ᠰᠢᠷᠢ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ | ᠰᠢᠢᠳᠪᠦᠷᠢᠯᠡᠵᠦ᠂ ᠡᠵᠡᠩᠨᠡᠯᠲᠡ ᠶᠢᠨ ᠪᠡᠯᠡ ᠮᠥᠩᠭᠦ ᠶᠢ ᠡᠮᠬᠢ ᠵᠢᠷᠤᠮ ᠲᠠᠢ ᠡᠷᠭᠢᠯᠳᠦᠭᠦᠯᠬᠦ᠂ ᠵᠢᠷᠤᠮᠵᠢᠯ ᠲᠠᠢ ᠬᠡᠷᠡᠭᠯᠡᠬᠦ ᠰᠠᠶᠢᠨ ᠡᠷᠭᠢᠯᠲᠡ ᠶᠢᠨ ᠵᠠᠭᠪᠤᠷ ᠢ ᠪᠠᠶᠢᠭᠤᠯᠤᠨ᠂ | ᠠᠷᠠᠳ ᠤᠨ ᠠᠮᠢᠳᠤᠷᠠᠯ ᠤᠨ ᠠᠵᠢᠯ ᠲᠦᠷᠦᠯ ᠤᠨ ᠤᠷᠳᠤ ᠬᠤᠭᠤᠴᠠᠭ᠎ᠠ ᠪᠠᠷ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ ᠡᠯ᠎ᠡ ᠲᠦᠷᠦᠭᠦᠯᠡᠨ ᠬᠢᠬᠦ | ᠪᠠᠶᠢᠭᠤᠯᠭ᠎ᠠ ᠨᠤᠭᠤᠳ ᠲᠥᠷᠥᠯ ᠵᠦᠢᠯ ᠪᠣᠯᠭᠠᠨ ᠬᠠᠮᠢᠶᠠᠷᠬᠤ ᠰᠡᠳᠬᠢᠬᠦᠢ ᠶᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ | ᠪᠡᠯᠡ ᠮᠥᠩᠭᠦᠨ ᠤ ᠳᠡᠮᠵᠢᠯᠭᠡ ᠶᠢ ᠶᠡᠬᠡᠪᠡᠷ ᠴᠢᠷᠮᠠᠶᠢᠨ ᠣᠯᠣᠭᠰᠠᠨ ᠰᠠᠭᠤᠷᠢᠨ ᠳᠡᠭᠡᠷ᠎ᠡ᠂ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠤᠨ ᠪᠡᠯᠡ ᠮᠥᠩᠭᠦ | ᠴᠤᠭᠯᠠᠭᠤᠯᠬᠤ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠤᠰᠤ ᠴᠠᠬᠢᠯᠭᠠᠨ ᠬᠡᠢ ᠳᠤᠯᠠᠭᠠᠯᠠᠭ᠎ᠠ ᠵᠢᠴᠢ | ᠢᠵᠢ ᠲᠦᠬᠦᠷ ᠢᠨᠵᠧᠨᠧᠷᠢᠩ ᠢ ᠪᠣᠳᠠᠲᠠᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠪᠠᠲᠤᠯᠠᠨ᠎ᠠ᠃ ᠲᠥᠰᠥᠯ ᠳᠠᠬᠢ ᠳᠤᠯᠠᠭᠠᠯᠠᠭ᠎ᠠ ᠬᠠᠩᠭᠠᠬᠤ ᠰᠢᠰᠲ᠋ᠧᠮ ᠵᠢᠴᠢ | ᠬᠤᠭᠤᠯᠠᠢ ᠲᠣᠣᠷ ᠤᠨ ᠥᠭᠡᠷᠡᠴᠢᠯᠡᠯᠲᠡ ᠵᠢᠴᠢ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ ᠶᠢᠨ ᠪᠡᠯᠡ ᠮᠥᠩᠭᠦ ᠪᠠ ᠭᠠᠵᠠᠷ ᠳᠣᠣᠷᠠᠬᠢ ᠬᠤᠭᠤᠯᠠᠢ ᠱᠤᠭᠤᠮ ᠤᠨ | ᠨᠡᠶᠢᠳᠡᠮ ᠤᠨ ᠪᠠᠶᠢᠴᠠᠭᠠᠯᠲᠠ ᠲᠠᠢ ᠬᠤᠯᠪᠣᠭᠳᠠᠭᠰᠠᠨ ᠵᠠᠷᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ | ᠪᠠᠲᠤᠯᠠᠨ᠎ᠠ᠃ | ︵ᠭᠤᠷᠪᠠ︶ ᠬᠢᠨᠠᠯᠲᠠ ᠲᠠᠯᠪᠢᠵᠤ ᠬᠢᠨᠠᠨ ᠰᠢᠯᠭᠠᠷᠠᠭᠤᠯᠬᠤ ᠶᠢ ᠠᠬᠢᠭᠤᠯᠤᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤᠯᠠᠭᠠᠨ ᠢᠨᠵᠧᠨᠧᠷᠢᠩ ᠢ | ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠳᠥᠷᠪᠡᠨ ᠪᠠᠲᠤᠯᠠᠭ᠎ᠠ︾ ᠶᠢ ᠵᠠᠮ ᠬᠠᠷᠢᠯᠴᠠᠭ᠎ᠠ᠂ ᠮᠡᠳᠡᠭᠡ ᠵᠠᠩᠭᠢ ᠴᠢᠮᠡᠭᠡ ᠬᠤᠯᠪᠣᠭ᠎ᠠ ᠵᠡᠷᠭᠡ ᠠᠷᠠᠳ ᠤᠨ | ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠣᠷᠣᠭᠤᠯᠤᠨ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠤᠨ᠂ | ᠤᠷᠢᠳᠴᠢᠯᠠᠨ ᠰᠡᠷᠭᠡᠶᠢᠯᠡᠨ᠎ᠡ᠃ ᠡᠭᠦᠨ ᠤ ᠬᠠᠮᠲᠤ᠂ ᠣᠯᠠᠨ ᠲᠦᠮᠡᠨ ᠤ ᠲᠤᠰᠬᠠᠯ ᠢᠶᠠᠷ ᠨᠡᠯᠢᠶᠡᠳ ᠴᠢᠩᠭ᠎ᠠ᠂ ᠣᠷᠳᠣ ᠬᠤᠭᠤᠴᠠᠭ᠎ᠠ ᠪᠠᠷ ᠰᠢᠢᠳᠪᠦᠷᠢᠯᠡᠬᠦ ᠶᠢᠨ ᠠᠷᠭ᠎ᠠ | ᠦᠭᠡᠢ ᠠᠰᠠᠭᠤᠳᠠᠯ ᠢ ᠭᠤᠣᠯᠳᠠᠯᠭ᠎ᠠ ᠲᠠᠢ ᠠᠩᠬᠠᠷᠤᠨ ᠱᠠᠭᠠᠷᠳᠠᠨ ᠰᠢᠢᠳᠪᠦᠷᠢᠯᠡᠭᠦᠯᠵᠦ᠂ ᠠᠰᠠᠭᠤᠳᠠᠯ ᠤᠨ ᠠᠷᠤ ᠳᠠᠬᠢ ᠠᠵᠢᠯ ᠬᠢᠬᠦ ᠦᠭᠡᠢ᠂ ᠤᠳᠠᠭᠠᠨ ᠬᠢᠬᠦ᠂ | ᠳᠤᠷ᠎ᠠ ᠪᠠᠷ ᠢᠶᠠᠨ ᠬᠢᠬᠦ ᠦᠵᠡᠭᠳᠡᠯ ᠢ ᠴᠢᠩᠭ᠎ᠠ ᠰᠢᠢᠳᠬᠡᠨ᠎ᠡ᠃ | ︵ᠳᠥᠷᠪᠡ︶ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠢᠨᠵᠧᠨᠧᠷᠢᠩ ᠤᠨ ᠬᠡᠷᠡᠭᠵᠢᠭᠦᠯᠦᠯᠲᠡ ᠶᠢ | ᠠᠬᠢᠭᠤᠯᠬᠤ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠡᠷᠢᠭᠦᠨ ᠤ ᠭᠠᠵᠠᠷ ᠣᠷᠣᠨ ᠤ ᠠᠵᠢᠯ ᠲᠥᠷᠥᠯ ᠤᠨ ᠨᠡᠶᠢᠲᠡᠯᠢᠭ ᠲᠤᠷᠰᠢᠯᠭ᠎ᠠ ᠠᠷᠭ᠎ᠠ | ᠪᠠᠷᠢᠯ ᠢ ᠢᠳᠡᠪᠬᠢᠲᠡᠢ ᠳᠡᠯᠭᠡᠷᠡᠭᠦᠯᠦᠨ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ᠂ ᠮᠡᠳᠡᠯᠭᠡ ᠶᠢᠨ ᠲᠦᠭᠡᠮᠡᠯᠵᠢᠭᠦᠯᠦᠯᠲᠡ ᠶᠢᠨ ᠬᠡᠮᠵᠢᠶ᠎ᠡ ᠪᠠ ᠣᠶᠢᠯᠠᠭᠠᠬᠤ | ᠨᠣᠷᠮ᠎ᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠣᠶᠢᠯᠠᠭᠠᠯᠲᠠ᠂ ᠵᠥᠪᠰᠢᠶᠡᠷᠡᠯ ᠪᠠ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠨ ᠣᠯᠣᠨ᠎ᠠ᠃ | ᠡᠭᠦᠨ ᠤ ᠬᠠᠮᠲᠤ᠂ ᠨᠡᠶᠢᠭᠡᠮ ᠳᠠᠶᠠᠭᠠᠷ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠥᠷᠭᠡᠳᠬᠡᠨ ᠰᠢᠯᠤᠭᠤᠳᠬᠠᠵᠤ᠂ ᠤᠯᠠᠨ ᠲᠦᠮᠡᠨ ᠤ | ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠢᠯᠡᠷᠡᠭᠦᠯᠦᠨ᠂ ᠲᠣᠬᠢᠲᠠᠢ ᠰᠢᠢᠳᠪᠦᠷᠢᠯᠡᠨ᠎ᠡ᠃ | | | | | | |