ᠤᠷᠳᠤᠰ ᠬᠤᠲᠠ ᠶᠢᠨ 12345 ᠲᠤᠭᠯᠠᠯᠲᠠ ᠶᠢᠨ ᠪᠠᠲᠤᠯᠠᠭ᠎ᠠ ᠶᠢᠨ ᠲᠤᠰᠬᠠᠢ ᠱᠤᠭᠤᠮ ᠤᠨ ᠤᠲᠠᠰᠤ ᠶᠢ ᠨᠡᠪᠲᠡᠷᠡᠭᠦᠯᠥᠯ᠎ᠡ
ᠨᠡᠶᠢᠲᠡᠯᠡᠭᠰᠡᠨ ᠴᠠᠭ᠄
2024/5/21
     ︽ᠳᠤᠯᠠᠭᠠᠨ ᠬᠤᠲᠠ ᠲᠠᠢ ᠪᠤᠯᠵᠤᠭ᠎ᠠ ᠲᠠᠢ︾ ᠣᠯᠠᠨ ᠤᠳᠤᠳ ᠤᠨ ᠤᠷᠠᠨ ᠰᠠᠶᠢᠬᠠᠨ ᠤ ᠲᠤᠭᠯᠠᠯᠲᠠ 5 ᠰᠠᠷ᠎ᠠ ᠶᠢᠨ 24 ᠤ ᠡᠳᠦᠷ ᠤᠷᠳᠤᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠭᠦᠯᠦᠯᠳᠡ ᠶᠢᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠭᠳᠠᠨ᠎ᠠ᠃ ᠬᠤᠲᠠ ᠶᠢᠨ ᠠᠷᠠᠳ ᠪᠠ ᠵᠢᠭᠤᠯᠴᠢᠯᠠᠭᠴᠢᠳ ᠢ ᠬᠠᠪᠰᠤᠷᠤᠨ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠠᠢ ᠰᠢᠢᠳᠪᠦᠷᠢᠯᠡᠬᠦ ᠶᠢᠨ ᠲᠥᠯᠥᠭᠡ᠂ ᠤᠷᠳᠤᠰ ᠬᠤᠲᠠ ᠶᠢᠨ 12345 ᠬᠠᠯᠠᠮᠰᠢᠯ ᠤᠲᠠᠰᠤᠨ ᠤ ᠲᠥᠪ ᠤᠨ ᠬᠢᠨ 5 ᠰᠠᠷ᠎ᠠ ᠶᠢᠨ 20 ᠤ ᠡᠳᠦᠷ ᠠᠴᠠ 24 ᠤ ᠡᠳᠦᠷ ᠪᠤᠯᠲᠠᠯ᠎ᠠ᠂ ᠬᠤᠲᠠ ᠶᠢᠨ ᠰᠤᠶᠤᠯ ᠵᠢᠭᠤᠯᠴᠢᠯᠠᠯ᠂ ᠲᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ︽ᠲᠤᠭᠯᠠᠯᠲᠠ ᠶᠢᠨ ᠪᠠᠲᠤᠯᠠᠭ᠎ᠠ ᠶᠢᠨ ᠲᠤᠰᠬᠠᠢ ᠱᠤᠭᠤᠮ ᠤᠨ ᠤᠲᠠᠰᠤ︾ ᠶᠢ ᠨᠡᠪᠲᠡᠷᠡᠭᠦᠯᠪᠡ᠃ ᠲᠤᠭᠯᠠᠯᠲᠠ ᠶᠢᠨ ᠪᠠᠲᠤᠯᠠᠭ᠎ᠠ ᠶᠢᠨ ᠲᠤᠰᠬᠠᠢ ᠱᠤᠭᠤᠮ ᠤᠨ ᠤᠳᠠᠰᠤᠨ ᠳ᠋ᠤᠭᠠᠷ᠄ ᠤᠷᠳᠤᠰ 12345-2  
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ