1—4 ᠳ᠋ᠦ᠋ᠭᠡᠷ ᠰᠠᠷ᠎ᠠ ᠬᠦᠷᠲᠡᠯᠡᠬᠢ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2024/5/22
      1—4 ᠳ᠋ᠦ᠋ᠭᠡᠷ ᠰᠠᠷ᠎ᠠ ᠬᠦᠷᠲᠡᠯᠡᠬᠢ ᠭᠤᠣᠯ ᠪᠣᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠶᠢᠨ ᠪᠠᠶᠢᠳᠠᠯ      1—4 ᠳ᠋ᠦ᠋ᠭᠡᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠭᠤᠣᠯ ᠪᠣᠯᠬᠤ ᠡᠨᠧᠷᠭᠢ ᠶᠢᠨ ᠦᠢᠯᠡᠳᠬᠦᠨ ᠲᠦᠭᠦᠬᠡᠢ ᠨᠡᠭᠦᠷᠡᠰᠦ᠂ ᠣᠬᠢᠶᠠᠵᠤ ᠨᠠᠷᠢᠯᠢᠭᠵᠢᠭᠤᠯᠤᠭᠰᠠᠨ ᠨᠡᠭᠦᠷᠡᠰᠦᠨ ᠤ ᠭᠠᠷᠤᠯᠲᠠ ᠲᠣᠭᠲᠠᠭᠤᠨ ᠤ ᠳᠤᠮᠳᠠ ᠰᠠᠶᠢᠵᠢᠷᠠᠪᠠ︔ ᠴᠠᠬᠢᠯᠭᠠᠨ ᠭᠠᠷᠭᠠᠬᠤ ᠬᠡᠮᠵᠢᠶ᠎ᠡ᠂ ᠬᠡᠦᠷᠡᠰᠦ ᠶᠢᠨ ᠦᠢᠯᠡᠳᠪᠦᠷᠢᠯᠡᠯ ᠤᠳᠠᠭᠠᠰᠢᠷᠠᠪᠠ᠃       ——1— 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ ᠨᠡᠶᠢᠲᠡ 1245.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠨ᠂ ᠳᠡᠭᠡᠷ᠎ᠡ ᠰᠠᠷ᠎ᠠ ᠶᠢᠨ ᠰᠥᠭᠡᠷᠭᠦ ᠨᠡᠮᠡᠭᠳᠡᠯ ᠤᠨ ᠪᠠᠶᠢᠳᠠᠯ ᠢ ᠬᠤᠪᠢᠷᠠᠭᠤᠯᠵᠤ᠂ ᠨᠡᠮᠡᠭᠳᠡᠯ ᠤᠨ ᠬᠡᠮᠵᠢᠶ᠎ᠡ ᠨᠢ 1—3 ᠳ᠋ᠤᠭᠠᠷ ᠰᠠᠷ᠎ᠠ ᠶᠢᠨ ᠬᠢ ᠠᠴᠠ ᠵᠠᠭᠤᠨ ᠤ 8.7 ᠬᠤᠪᠢ ᠲᠦᠷᠭᠡᠰᠪᠡ᠃       ——1 ︱ 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠯᠢᠭ ᠨᠡᠭᠦᠷᠡᠰᠦᠨ ᠤ ᠭᠠᠷᠤᠯᠲᠠ ᠨᠡᠶᠢᠲᠡ 617.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ  ᠨᠢ 1 ︱3 ᠳ᠋ᠤᠭᠠᠷ ᠰᠠᠷ᠎ᠠ ᠶᠢᠨ ᠬᠢ ᠠᠴᠠ ᠵᠠᠭᠤᠨ ᠤ 6.5  ᠬᠤᠪᠢ ᠳᠡᠭᠡᠭᠰᠢᠯᠡᠪᠡ᠃       ——1 ︱ 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠦᠷᠡᠰᠦ ᠶᠢᠨ ᠭᠠᠷᠤᠯᠲᠠ ᠨᠡᠶᠢᠲᠡ 240.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3% ᠪᠠᠷ ᠪᠠᠭᠤᠷᠠᠨ᠂ ᠪᠠᠭᠤᠷᠠᠯᠲᠠ ᠶᠢᠨ ᠬᠡᠮᠵᠢᠶ᠎ᠡ ᠨᠢ 1︱3 ᠳ᠋ᠤᠭᠠᠷ ᠰᠠᠷ᠎ᠠ ᠶᠢᠨ ᠬᠢ ᠠᠴᠠ ᠵᠠᠭᠤᠨ ᠤ 3.0 ᠬᠤᠪᠢ  ᠲᠦᠷᠭᠡᠰᠪᠡ᠃       ——1 ︱ 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 121.1 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 1 ︱ 3 ᠳ᠋ᠤᠭᠠᠷ ᠰᠠᠷ᠎ᠠ ᠶᠢᠨ ᠬᠢ ᠠᠴᠠ ᠵᠠᠭᠤᠨ ᠤ 1.8 ᠬᠤᠪᠢ ᠤᠳᠠᠭᠠᠰᠢᠷᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ