ᠮᠣᠷᠢᠨ ᠬᠤᠨᠴᠢᠷ
ᠨᠡᠶᠢᠲᠡᠯᠡᠭᠰᠡᠨ ᠴᠠᠭ᠄
2024/5/24
      ᠪᠤᠷᠴᠠᠭ ᠤᠨ ᠢᠵᠠᠭᠤᠷ᠂ ᠬᠤᠨᠴᠢᠷ ᠤᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 7 — 8 ︵9︶ ᠳ᠋ᠤᠭᠠᠷ ᠰᠠᠷ᠎ᠠ ᠳᠤ ᠴᠡᠴᠡᠭᠯᠡᠵᠦ᠂ ︵7 ︶ 8 — 10 ᠳ᠋ᠤᠭᠠᠷ ᠰᠠᠷ᠎ᠠ ᠳᠤ ᠦᠷᠡᠯᠡᠨ᠎ᠡ᠃      ᠳᠤᠮᠳᠠ ᠵᠡᠷᠭᠡ ᠶᠢᠨ ᠭᠠᠩᠰᠠᠭ ᠤᠷᠭᠤᠮᠠᠯ᠃ ᠰᠦᠮᠡᠲᠦ ᠳᠤ ᠤᠷᠭᠤᠳᠠᠭ᠃      ᠰᠢᠯᠢᠳᠡᠭ ᠰᠠᠶᠢᠨ ᠲᠡᠵᠢᠭᠡᠯ ᠤᠷᠭᠤᠮᠠᠯ ᠮᠥᠨ᠃ ᠴᠡᠴᠡᠭᠯᠡᠬᠦ ᠠᠴᠠ ᠨᠢ ᠡᠮᠦᠨ᠎ᠡ ᠦᠬᠡᠷ᠂ ᠬᠤᠨᠢ᠂ ᠢᠮᠠᠭ᠎ᠠ᠂ ᠠᠳᠤᠭᠤ ᠪᠦᠷ ᠢᠳᠡᠬᠦ ᠳᠤᠷᠠᠲᠠᠢ᠂ ᠴᠡᠴᠡᠭᠯᠡᠭᠰᠡᠨ ᠤ ᠳᠠᠷᠠᠭ᠎ᠠ ᠡᠰᠢ ᠨᠢ ᠪᠦᠳᠦᠭᠦᠷᠡᠵᠦ ᠬᠠᠲᠠᠭᠤᠷᠠᠭᠠᠳ ᠮᠠᠯ ᠳᠡᠮᠡᠢ ᠢᠳᠡᠬᠦ ᠳᠤᠷ᠎ᠠ ᠦᠭᠡᠢ ᠪᠣᠯᠳᠠᠭ᠃ ᠡᠪᠦᠯ ᠲᠡᠮᠡᠭᠡ ᠢᠳᠡᠳᠡᠭ᠂ ᠪᠠᠶᠢᠭᠠᠯᠢ ᠶᠢᠨ ᠪᠡᠯᠴᠢᠭᠡᠷ ᠢ ᠥᠭᠡᠷᠡᠴᠢᠯᠡᠨ ᠰᠠᠶᠢᠵᠢᠷᠠᠭᠤᠯᠬᠤ ᠪᠠ ᠲᠠᠷᠢᠮᠠᠯ ᠪᠡᠯᠴᠢᠭᠡᠷ ᠢ ᠪᠣᠶᠢᠵᠢᠭᠤᠯᠬᠤ ᠳᠤ ᠬᠡᠷᠡᠭᠯᠡᠵᠦ ᠪᠣᠯᠣᠨ᠎ᠠ᠃ ᠦᠷ᠎ᠡ ᠶᠢ ᠨᠢ ᠠᠪᠴᠦ ᠲᠤᠷᠰᠢᠨ ᠪᠣᠶᠢᠵᠢᠭᠤᠯᠪᠠᠯ ᠲᠤᠩ ᠰᠠᠶᠢᠨ ᠠᠰᠢᠭ ᠬᠦᠷᠲᠡᠬᠦ ᠶᠤᠮ᠃ ᠪᠠᠰᠠ ᠨᠣᠭᠤᠭᠠᠨ ᠪᠣᠷᠳᠣᠭᠤᠷ ᠦᠢᠯᠡᠳᠴᠦ ᠲᠡᠭᠦᠨ ᠢᠶᠠᠷ ᠬᠦᠷᠦᠰᠦ ᠶᠢ ᠰᠠᠶᠢᠵᠢᠷᠠᠭᠤᠯᠵᠤ ᠪᠣᠯᠣᠨ᠎ᠠ᠂ ᠦᠷ᠎ᠡ ᠪᠠᠷ ᠨᠢ ︽ᠬᠠᠪᠲᠠᠭᠠᠢ ᠬᠤᠨᠴᠢᠷ︾ ᠪᠣᠯᠭᠠᠵᠤ ᠡᠮ ᠳᠤ ᠣᠷᠣᠭᠤᠯᠵᠤ ᠪᠣᠯᠣᠨ᠎ᠠ᠃                     ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠣᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ