ᠣᠲᠤᠭ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ | ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ | ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠣᠲᠤᠭ ᠵᠠᠰᠠᠭ ᠠᠯᠪᠠᠨ ᠲᠠᠷᠬᠠᠭᠠᠭᠰᠠᠨ ﹇2024﹈ 30 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ | ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄ | ︽ᠣᠲᠤᠭ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠳ᠋ᠤᠭᠠᠷ ᠰᠠᠷ᠎ᠠ ᠶᠢᠨ 24 ᠤ ᠡᠳᠦᠷ | | ᠣᠲᠤᠭ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ | ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ | | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠪᠥᠬᠦ ᠬᠤᠰᠢᠭᠤᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ | ᠬᠦᠴᠢᠷᠲᠡᠢ ᠠᠰᠠᠭᠤᠳᠠᠯ ᠤᠨ ᠰᠢᠢᠳᠪᠦᠷᠢᠯᠡᠬᠦ ᠶᠣᠰᠣᠲᠠᠢ ᠶᠢ ᠨᠢ ᠰᠢᠢᠳᠪᠦᠷᠢᠯᠡᠵᠦ ᠥᠭᠬᠦ ᠠᠵᠢᠯ ᠢ ᠭᠦᠨᠵᠡᠭᠡᠢ ᠠᠬᠢᠭᠤᠯᠬᠤ ᠶᠢᠨ ᠲᠤᠰᠠᠳᠠ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠵᠤ᠂ ᠬᠤᠰᠢᠭᠤᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ | ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠤᠯᠠᠨ ᠲᠦᠮᠡᠨ ᠤ ᠣᠷᠣᠨ | ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠤᠨ ᠰᠢᠢᠳᠪᠦᠷᠢᠯᠡᠬᠦ ᠶᠣᠰᠣᠲᠠᠢ ᠶᠢ ᠨᠢ ᠰᠢᠢᠳᠪᠦᠷᠢᠯᠡᠵᠦ ᠥᠭᠬᠦ ᠠᠵᠢᠯ ᠢ ᠠᠬᠢᠭᠤᠯᠵᠤ᠂ ᠤᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠬᠤᠶᠠᠷ᠂ ᠦᠨᠳᠦᠰᠦᠨ ᠵᠠᠷᠴᠢᠮ | ⒈ ᠲᠡᠦᠬᠡ ᠶᠢ ᠬᠦᠨᠳᠦᠳᠬᠡᠵᠦ᠂ ᠦᠨᠡᠨ ᠠᠴᠠ ᠵᠥᠪ ᠢ ᠡᠷᠢᠨ᠎ᠡ᠃ ︽ᠬᠠᠤᠯᠢ ᠴᠠᠭᠠᠵᠠ ᠶᠢ ᠬᠦᠨᠳᠦᠳᠬᠡᠵᠦ᠂ ᠲᠡᠦᠬᠡ ᠶᠢ ᠬᠦᠨᠳᠦᠳᠬᠡᠬᠦ︾ ᠵᠠᠷᠴᠢᠮ ᠢ | ᠪᠠᠷᠢᠮᠲᠠᠯᠠᠨ᠂ ᠭᠡᠷ ᠪᠠᠶᠢᠰᠢᠩ ᠪᠠᠷᠢᠬᠤ ᠦᠶ᠎ᠡ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠣᠨ ᠣᠳᠣᠬᠠᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ | ᠦᠯᠡᠳᠡᠭᠳᠡᠯ ᠠᠰᠠᠭᠤᠳᠠᠯ ᠤᠨ ᠲᠡᠦᠬᠡᠨ ᠰᠢᠯᠲᠠᠭᠠᠨ ᠲᠠᠢ ᠤᠶᠠᠯᠳᠤᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ᠭᠦᠢᠴᠡᠳᠬᠡᠬᠦ ᠲᠠᠰ | ᠳᠠᠷᠠᠭᠠᠯᠠᠯ ᠢ ᠳᠥᠭᠦᠮᠴᠢᠯᠡᠵᠦ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠎ᠡ᠃ | ⒉ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠵᠤ᠂ ᠦᠨᠡᠮᠯᠡᠯ ᠣᠯᠭᠤᠬᠤ ᠪᠣᠯᠣᠨ ᠭᠠᠶᠢᠯᠢ ᠲᠤᠰᠢᠶᠠᠬᠤ ᠶᠢ ᠰᠠᠯᠭᠠᠨ᠎ᠠ᠃ ᠠᠷᠠᠳ ᠲᠦᠮᠡᠨ ᠢᠶᠠᠷ | ᠭᠤᠣᠯ ᠪᠣᠯᠭᠠᠬᠤ᠂ ︽ᠣᠯᠠᠨ ᠲᠦᠮᠡᠨ ᠳᠤ ᠣᠰᠣᠯ ᠪᠤᠷᠤᠭᠤ ᠦᠭᠡᠢ︾᠂ ︽ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠭᠠᠶᠢᠯᠢ ︵ᠰᠦᠢᠳᠬᠡᠯ︶ ᠲᠤᠰᠢᠶᠠᠬᠤ᠂ | ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠵᠠᠭᠠᠯᠳᠤᠬᠤ᠂ ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠬᠠᠷᠢᠭᠤᠴᠠᠯᠭ᠎ᠠ ᠡᠭᠦᠷᠭᠡᠯᠡᠬᠦ︾ ᠪᠠ ︽ᠤᠷᠢᠳᠠᠪᠠᠷ | ᠳᠠᠩᠰᠠᠯᠠᠨ ᠦᠨᠡᠮᠯᠡᠯ ᠣᠯᠭᠤᠵᠤ᠂ ᠰᠡᠭᠦᠯᠡᠷ ᠨᠢ ᠭᠠᠷᠳᠠᠮ ᠢ ᠲᠡᠭᠦᠯᠳᠡᠷᠵᠢᠭᠦᠯᠬᠦ︾ ᠵᠠᠷᠴᠢᠮ ᠢ ᠪᠠᠷᠢᠮᠲᠠᠯᠠᠨ᠂ ᠭᠡᠷ ᠬᠤᠳᠠᠯᠳᠤᠨ ᠠᠪᠤᠭᠴᠢ ᠳᠤ ᠣᠰᠣᠯ ᠪᠤᠷᠤᠭᠤ | ᠦᠭᠡᠢ ᠪᠠᠶᠢᠪᠠᠯ᠂ ᠭᠡᠷ ᠬᠤᠳᠠᠯᠳᠤᠨ ᠠᠪᠤᠭᠴᠢ ᠳᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠬᠢᠵᠦ ᠥᠭᠬᠦ ᠶᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠢ ᠶᠢᠨ ᠭᠠᠶᠢᠯᠢ ᠰᠦᠢᠳᠬᠡᠯ ᠢ ᠨᠡᠬᠡᠮᠵᠢᠯᠡᠨ ᠲᠤᠰᠢᠶᠠᠯᠭᠠᠬᠤ ᠪᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠠᠴᠠ ᠰᠠᠯᠭᠠᠵᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ | ⒊ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠲᠥᠷᠥᠯ ᠬᠤᠪᠢᠶᠠᠨ ᠰᠢᠢᠳᠪᠦᠷᠢᠯᠡᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠠᠰᠠᠭᠤᠳᠠᠯ ᠢ ᠲᠦᠷᠦᠯ ᠵᠦᠢᠯ ᠢᠯᠭᠠᠨ᠂ ᠤᠷᠢᠳᠠᠪᠠᠷ ᠬᠢᠯᠪᠠᠷ ᠢ ᠰᠢᠢᠳᠪᠦᠷᠢᠯᠡᠵᠦ ᠳᠠᠷᠠᠭ᠎ᠠ ᠨᠢ | ᠬᠦᠴᠢᠷᠲᠡᠢ ᠶᠢ ᠰᠢᠢᠳᠪᠦᠷᠢᠯᠡᠨ᠂ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠦᠯ ᠬᠤᠪᠢᠶᠠᠨ ᠠᠯᠬᠤᠮ | ᠠᠯᠬᠤᠮ ᠢᠶᠠᠷ ᠰᠢᠢᠳᠪᠦᠷᠢᠯᠡᠨ᠎ᠡ᠃ | ⒋ ᠬᠠᠤᠯᠢ ᠲᠣᠭᠲᠠᠭᠠᠯ ᠶᠣᠰᠣᠭᠠᠷ᠂ ᠪᠠᠷᠢᠮᠵᠢᠶ᠎ᠠ ᠶᠢ ᠨᠢᠭᠡᠳᠬᠡᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠬᠤᠷᠢᠭ᠎ᠠ | ᠱᠤᠭᠤᠮ ᠠᠴᠠ ᠳᠠᠪᠠᠭ᠋ᠤ ᠦᠭᠡᠢ ᠮᠥᠷᠲᠡᠭᠡᠨ ᠵᠠᠭᠠᠭ ᠬᠢᠵᠠᠭᠠᠷ ᠢ ᠴᠤ ᠴᠢᠩᠭ᠎ᠠ ᠰᠠᠬᠢᠬᠤ ᠵᠠᠷᠴᠢᠮ ᠢ ᠪᠠᠷᠢᠮᠲᠠᠯᠠᠨ᠂ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ | ᠦᠯᠡᠳᠡᠭᠳᠡᠯ ᠠᠰᠠᠭᠤᠳᠠᠯ ᠢ ᠪᠣᠯᠭᠤᠮᠵᠢᠲᠠᠢ ᠯᠠᠪᠳᠠᠭᠤᠨ ᠰᠢᠢᠳᠪᠦᠷᠢᠯᠡᠨ᠎ᠡ᠃ | ᠭᠤᠷᠪᠠ᠂ ᠠᠵᠢᠯᠯᠠᠭᠠᠨ ᠤ ᠬᠠᠷᠠᠯᠲᠠ | ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠪᠣᠷᠣᠯᠠᠭᠤᠯᠤᠭᠰᠠᠨ ᠪᠣᠯᠪᠠᠴᠤ ᠥᠮᠴᠢᠯᠡᠬᠦ ᠡᠷᠬᠡ ᠶᠢᠨ ᠳᠠᠩᠰᠠᠯᠠᠯ ᠬᠢᠯᠭᠡᠭᠰᠡᠨ ᠦᠭᠡᠢ ᠣᠷᠣᠨ ᠰᠠᠭᠤᠴᠠ ᠶᠢᠨ | ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠠᠵᠢᠯ | ᠬᠢᠬᠦ ᠦᠭᠡᠢ᠂ ᠠᠵᠢᠯ ᠳᠠᠭᠠᠨ ᠬᠤᠶᠢᠷᠭᠤᠰᠢᠬᠤ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ᠂ 6 ᠰᠠᠷ᠎ᠠ ᠶᠢᠨ ᠬᠤᠭᠤᠴᠠᠭᠠᠨ ᠳᠤ ᠣᠯᠠᠨ ᠲᠦᠮᠡᠨ ᠤ ᠣᠷᠣᠨ | ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠬᠡᠪᠰᠢᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂ ᠣᠯᠠᠨ | ᠲᠦᠮᠡᠨ ᠤ ︽ᠨᠠᠶᠢᠳᠠᠪᠤᠷᠢᠲᠠᠢ ᠣᠷᠣᠨ ᠰᠠᠭᠤᠴᠠ ᠳᠤ ᠰᠠᠭᠤᠵᠤ᠂ ᠪᠠᠲᠤᠯᠠᠭ᠎ᠠ ᠲᠠᠢ ᠦᠨᠡᠮᠯᠡᠯ ᠠᠪᠬᠤ︾ ᠶᠢ ᠪᠥᠬᠦ ᠬᠦᠴᠦᠨ ᠢᠶᠠᠷ ᠢᠶᠠᠨ ᠪᠠᠲᠤᠯᠠᠨ᠂ ᠣᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠳᠥᠷᠪᠡ᠂ ᠭᠤᠣᠯ ᠡᠭᠦᠷᠭᠡ | ︵ᠨᠢᠭᠡ︶ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ᠎ᠠ᠃ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠠᠴᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ | ᠪᠦᠬᠦᠢ ᠪᠠᠶᠢᠭᠤᠯᠭ᠎ᠠ ᠶᠢ ᠵᠣᠬᠢᠴᠠᠭᠤᠯᠵᠤ᠂ ᠨᠢᠭᠡᠨᠲᠡ ᠪᠠᠶᠢᠴᠠᠭᠠᠭᠰᠠᠨ ᠲᠡᠦᠬᠡ ᠠᠴᠠ ᠦᠯᠡᠳᠡᠭᠳᠡᠵᠦ ᠢᠷᠡᠭᠰᠡᠨ ︽ᠳᠠᠩᠰᠠᠯᠠᠬᠤ ᠳᠤ ᠬᠦᠴᠢᠷ︾ ᠠᠰᠠᠭᠤᠳᠠᠯ ᠤᠨ | ᠡᠬᠡ ᠲᠠᠩᠰᠠ ᠶᠢᠨ ᠰᠠᠭᠤᠷᠢᠨ ᠳᠡᠭᠡᠷ᠎ᠡ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠵᠠᠬᠢᠳᠠᠯ ᠰᠣᠷᠪᠤᠯᠵᠢᠯᠠᠭ᠎ᠠ ᠬᠢᠬᠦ᠂ ᠱᠠᠯᠠᠪᠳᠠᠭᠤᠯᠤᠨ ᠪᠠᠶᠢᠴᠠᠭᠠᠬᠤ ᠪᠠ | 12345 ᠬᠠᠯᠠᠮᠰᠢᠯ ᠤᠲᠠᠰᠤ ᠵᠡᠷᠭᠡ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠲᠠᠢ ᠤᠶᠠᠯᠳᠤᠭᠤᠯᠤᠨ᠂ ᠨᠢᠭᠡᠨᠲᠡ ᠪᠣᠷᠣᠯᠠᠭᠤᠯᠤᠭᠰᠠᠨ ᠪᠣᠯᠪᠠᠴᠤ ᠬᠡᠪ ᠤᠨ | ᠶᠣᠰᠣᠭᠠᠷ ᠥᠮᠴᠢᠯᠡᠬᠦ ᠡᠷᠬᠡ ᠶᠢᠨ ᠳᠠᠩᠰᠠᠯᠠᠯ ᠬᠢᠯᠭᠡᠵᠦ ᠳᠡᠶᠢᠯᠬᠦ ᠦᠭᠡᠢ ᠪᠠᠶᠢᠭ᠎ᠠ ᠣᠷᠣᠨ ᠰᠠᠭᠤᠴᠠ ᠶᠢᠨ ᠲᠥᠷᠥᠯ ᠵᠦᠢᠯ ᠤᠨ ᠪᠠᠶᠢᠳᠠᠯ ᠢ ᠳᠠᠬᠢᠨ ᠪᠠᠶᠢᠴᠠᠭᠠᠵᠤ | ᠣᠶᠢᠯᠠᠭᠠᠨ᠂ ︽ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠤᠨ ᠡᠬᠡ ᠲᠠᠩᠰᠠ︾ ᠶᠢ ᠬᠢᠨᠠᠮᠠᠭᠠᠢ ᠲᠠᠭᠯᠠᠨ | ᠮᠡᠳᠡᠭᠦᠯᠵᠦ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠷᠢᠶᠠᠩᠭᠤᠶᠢᠯᠠᠭᠠᠳ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠳᠤ ᠮᠡᠳᠡᠭᠦᠯᠦᠨ᠎ᠡ᠃ | ︵ᠬᠤᠶᠠᠷ︶ ᠬᠡᠮ ᠠᠷᠬᠠᠭ ᠢ ᠣᠨᠣᠪᠴᠢᠲᠠᠶ ᠡᠷᠢᠵᠦ᠂ ᠬᠠᠷᠢᠭᠤᠴᠠᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠬᠠᠮᠢᠶ᠎ᠠ ᠪᠦᠬᠦᠢ | ᠪᠠᠶᠢᠭᠤᠯᠭ᠎ᠠ ᠨᠤᠭᠤᠳ ᠡᠮᠬᠢᠯᠡᠨ ᠳᠢᠭᠯᠡᠵᠦ ᠭᠠᠷᠭᠠᠭᠰᠠᠨ ︽ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠤᠨ ᠡᠬᠡ | ᠲᠠᠩᠰᠠ︾ ᠳᠠᠬᠢ ᠲᠥᠷᠥᠯ ᠵᠦᠢᠯ ᠨᠢᠭᠡᠪᠦᠷᠢ ᠶᠢᠨ ᠠᠵᠢᠯ ᠤᠨ ᠬᠦᠴᠢᠷᠳᠡᠯ ᠢ ᠰᠤᠳᠤᠯᠤᠨ ᠮᠠᠭᠠᠳᠯᠠᠵᠤ᠂ ᠥᠮᠴᠢᠯᠡᠬᠦ ᠡᠷᠬᠡ ᠶᠢᠨ ᠭᠠᠷᠳᠠᠮ ᠭᠦᠢᠴᠡᠳᠬᠡᠬᠦ ᠶᠢ | ᠨᠥᠯᠥᠭᠡᠯᠡᠬᠦ ᠦᠨᠳᠦᠰᠦ ᠰᠤᠷᠪᠤᠯᠵᠢ ᠪᠠ ᠬᠡᠮ ᠠᠷᠬᠠᠭ ᠢ ᠣᠨᠣᠪᠴᠢᠲᠠᠶ ᠡᠷᠢᠨ᠂ ᠴᠡᠭᠴᠡᠯᠡᠨ ᠰᠠᠶᠢᠵᠢᠷᠠᠭᠤᠯᠬᠤ ᠶᠢ ᠲᠦᠷᠦᠭᠦᠯᠡᠨ ᠬᠢᠬᠦ ᠪᠠᠶᠢᠭᠤᠯᠭ᠎ᠠ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠳᠦᠰᠦ | ᠪᠠᠷᠢᠮᠲᠠ ᠲᠠᠢ ᠪᠠᠶᠢᠬᠤ ᠶᠢ ᠪᠠᠲᠤᠯᠠᠨ᠎ᠠ᠃ | ⒈ ᠭᠠᠵᠠᠷ ᠰᠢᠷᠣᠢ ᠶᠢ ᠲᠠᠲᠠᠪᠤᠷᠢᠯᠠᠬᠤ᠂ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠢ ᠶᠢ ᠬᠠᠩᠭᠠᠬᠤ᠂ ᠢᠨᠵᠧᠨᠧᠷᠢᠩ ᠤᠨ | ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠢᠬᠦ᠂ ᠲᠥᠯᠦᠪᠵᠢᠭᠦᠯᠭᠡ ᠶᠢᠨ ᠲᠣᠬᠢᠷᠠᠭᠤᠯᠤᠯᠲᠠ ᠬᠢᠬᠦ᠂ ᠬᠡᠷᠡᠭᠴᠡᠭᠡ ᠶᠢ ᠬᠤᠪᠢᠷᠠᠭᠤᠯᠬᠤ ᠵᠡᠷᠭᠡ ᠳᠤ | ᠬᠤᠯᠪᠣᠭᠳᠠᠭᠰᠠᠨ ᠲᠥᠷᠥᠯ ᠵᠦᠢᠯ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠪᠠᠶᠢᠭᠤᠯᠭ᠎ᠠ ᠲᠦᠷᠦᠭᠦᠯᠡᠨ ᠨᠠᠶᠢᠳᠠᠪᠤᠷᠢᠵᠢᠭᠤᠯᠵᠤ ᠰᠢᠢᠳᠪᠦᠷᠢᠯᠡᠨ᠎ᠡ᠃ | ⒉ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠪᠠ ᠭᠠᠯ ᠤᠨᠲᠠᠷᠠᠭᠠᠬᠤ᠂ ᠭᠡᠷ ᠪᠠᠶᠢᠰᠢᠩ ᠳᠤ ᠪᠠᠷᠢᠯᠭ᠎ᠠ ᠶᠢᠨ ᠠᠵᠢᠯ ᠳᠠᠭᠤᠰᠤᠭᠰᠠᠨ ᠰᠢᠯᠭᠠᠨ | ᠬᠤᠷᠢᠶᠠᠯᠲᠠ ᠬᠢᠭᠰᠡᠨ ᠦᠭᠡᠢ ᠠᠰᠠᠭᠤᠳᠠᠯ ᠳᠤ ᠬᠤᠯᠪᠣᠭᠳᠠᠭᠰᠠᠨ ᠲᠥᠷᠥᠯ ᠵᠦᠢᠯ ᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠭᠤᠯᠭ᠎ᠠ ᠠᠴᠠ ᠲᠦᠷᠦᠭᠦᠯᠡᠨ ᠨᠠᠶᠢᠳᠠᠪᠤᠷᠢᠵᠢᠭᠤᠯᠵᠤ ᠰᠢᠢᠳᠪᠦᠷᠢᠯᠡᠨ᠎ᠡ᠃ | ⒊ ᠭᠠᠵᠠᠷ ᠰᠢᠷᠣᠢ ᠪᠤᠶᠤ ᠭᠡᠷ ᠪᠠᠶᠢᠰᠢᠩ ᠢ ᠪᠠᠶᠢᠴᠠᠭᠠᠨ ᠪᠢᠲᠡᠭᠦᠮᠵᠢᠯᠡᠬᠦ ᠳᠤ ᠬᠤᠯᠪᠣᠭᠳᠠᠭᠰᠠᠨ ᠲᠥᠷᠥᠯ ᠵᠦᠢᠯ ᠳᠤ ᠬᠤᠰᠢᠭᠤᠨ ᠤ ᠠᠷᠠᠳ ᠤᠨ ᠰᠢᠭᠦᠬᠦ | ᠬᠤᠷᠢᠶ᠎ᠠ ᠠᠴᠠ ᠨᠠᠶᠢᠳᠠᠪᠤᠷᠢᠵᠢᠭᠤᠯᠬᠤ ᠶᠢ ᠠᠬᠢᠭᠤᠯᠬᠤ ᠰᠠᠨᠠᠭᠤᠯᠭ᠎ᠠ ᠳᠤᠷᠠᠳᠤᠨ᠎ᠠ᠃ | ⒋ ᠰᠢᠯᠵᠢᠭᠦᠯᠦᠨ ᠬᠤᠳᠠᠯᠳᠤᠬᠤ ᠮᠥᠩᠭᠦ ᠪᠠ ᠢᠵᠢ ᠪᠦᠷᠢᠳᠦᠭᠦᠯᠬᠦ ᠰᠦᠢᠳᠬᠡᠯ ᠢ ᠵᠠᠰᠠᠭ ᠤᠨ ᠣᠷᠳᠣᠨ ᠠᠴᠠ ᠨᠡᠬᠡᠮᠵᠢᠯᠡᠨ ᠲᠤᠰᠢᠶᠠᠯᠭᠠᠬᠤ ᠠᠮᠠᠯᠠᠯᠲᠠ ᠶᠢᠨ | ᠪᠢᠴᠢᠭ ᠦᠭᠡᠢ᠂ ᠭᠠᠵᠠᠷ ᠰᠢᠷᠣᠢ ᠪᠤᠶᠤ ᠭᠡᠷ ᠪᠠᠶᠢᠰᠢᠩ ᠢᠶᠠᠨ ᠪᠠᠷᠢᠴᠠᠭᠠᠯᠠᠬᠤ ᠪᠠ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠡᠷᠦᠬᠡ ᠬᠤᠪᠢᠶᠠᠨ ᠳᠡᠩᠰᠡᠯᠡᠨ | ᠲᠡᠮᠳᠡᠭᠯᠡᠬᠦ ᠳᠤ ᠬᠠᠮᠵᠢᠯᠴᠠᠬᠤ ᠦᠭᠡᠢ ᠲᠥᠷᠥᠯ ᠵᠦᠢᠯ ᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ⒌ ᠭᠡᠷ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠦᠨᠡᠮᠯᠡᠯ ᠬᠢᠯᠭᠡᠬᠦ ᠳᠤ ᠬᠦᠴᠢᠷᠲᠡᠢ ᠡᠬᠡ ᠲᠠᠩᠰᠠᠨ ᠳᠠᠬᠢ ᠬᠠᠷᠠᠬᠠᠨ | ᠰᠢᠢᠳᠪᠦᠷᠢᠯᠡᠭᠡᠳᠦᠢ ᠲᠥᠷᠥᠯ ᠵᠦᠢᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠪᠠᠶᠢᠭᠤᠯᠭ᠎ᠠ ᠶᠢ ᠵᠣᠬᠢᠶᠠᠨ ᠪᠠᠶᠢᠭᠤᠯᠵᠤ | ᠠᠰᠠᠭᠤᠳᠠᠯ ᠤᠨ ᠵᠠᠩᠭᠢᠯᠠᠭ᠎ᠠ ᠶᠢ ᠰᠤᠳᠤᠯᠤᠨ᠂ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠵᠤ᠂ ᠬᠦᠴᠦ ᠪᠠᠨ ᠬᠠᠮᠲᠤᠳᠬᠠᠨ ᠰᠢᠢᠳᠪᠦᠷᠢᠯᠡᠨ᠎ᠡ᠃ | ︵ᠭᠤᠷᠪᠠ︶ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ | ⒈ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠲᠦᠷᠭᠡᠳᠬᠡᠨ ᠰᠢᠢᠳᠪᠦᠷᠢᠯᠡᠬᠦ | ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2021﹈ 1 ᠳ᠋ᠦ᠋ᠭᠡᠷ ᠲᠣᠭᠠᠲᠤ︶᠂ ︽ᠬᠤᠲᠠ | ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠳᠠᠩᠰᠠᠯᠠᠯ ᠵᠡᠷᠭᠡ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 95 ᠳ᠋ᠤᠭᠠᠷ ᠲᠣᠭᠠᠲᠤ︶᠂ ︽ᠬᠤᠲᠠ ᠪᠠᠯᠭᠠᠰᠤᠨ ᠤ ᠤᠯᠤᠰ ᠤᠨ | ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠦᠰᠦᠭ ﹇2021﹈ 89 ᠳ᠋ᠦ᠋ᠭᠡᠷ | ᠲᠣᠭᠠᠲᠤ︶᠂ ︽ᠬᠤᠲᠠ ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠳᠠᠩᠰᠠᠯᠠᠯ ᠵᠡᠷᠭᠡ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠬᠦ ᠲᠤᠬᠠᠢ ᠣᠷᠳᠣᠰ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2019﹈ 100 ᠳ᠋ᠤᠭᠠᠷ ᠲᠣᠭᠠᠲᠤ︶᠂ ︽ᠭᠡᠷ ᠭᠠᠵᠠᠷ ᠬᠥᠷᠥᠩᠭᠡ ᠶᠢᠨ | ᠬᠦᠷᠢᠶᠡᠨ ᠳᠠᠬᠢ ᠦᠯᠡᠳᠡᠭᠳᠡᠯ ᠲᠥᠷᠥᠯ ᠵᠦᠢᠯ ᠤᠨ ︿ᠦᠨᠡᠮᠯᠡᠯ ᠬᠢᠯᠭᠡᠬᠦ ᠳᠤ ᠬᠦᠴᠢᠷᠲᠡᠢ﹀ ᠠᠰᠠᠭᠤᠳᠠᠯ ᠢ ᠲᠦᠷᠭᠡᠳᠬᠡᠨ ᠰᠢᠢᠳᠪᠦᠷᠢᠯᠡᠬᠦ ᠲᠤᠬᠠᠢ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ︵ᠣᠷᠳᠣᠰ ᠵᠠᠰᠠᠭ ᠲᠠᠷᠬᠠᠭᠠᠭᠰᠠᠨ ﹇2021﹈ 299 ᠳ᠋ᠦᠭᠡᠷ ᠲᠣᠭᠠᠲᠤ︶᠂ ︽ | ᠣᠷᠳᠣᠰ ᠬᠤᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠣᠷᠳᠣᠰ ᠵᠠᠰᠠᠭ ᠲᠠᠷᠬᠠᠭᠠᠭᠰᠠᠨ ﹇ | 2022﹈ 105 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ | ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2024﹈ 38 ᠳ᠋ᠤᠭᠠᠷ ᠲᠣᠭᠠᠲᠤ︶ ᠢ ᠭᠦᠨᠵᠡᠭᠡᠢ | ᠨᠠᠶᠢᠳᠠᠪᠤᠷᠢᠵᠢᠭᠤᠯᠵᠤ᠂ ︽ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ᠂ ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ︾᠂ ︽ᠬᠡᠷᠡᠭ ᠨᠢᠭᠡᠪᠦᠷᠢ ᠶᠢ | ᠠᠰᠲᠠᠭᠠᠨ ᠵᠥᠪᠯᠡᠬᠦ︾᠂ ︽ᠨᠢᠭᠡ ᠭᠡᠷ ᠪᠠᠶᠢᠰᠢᠩ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠠᠷᠭ᠎ᠠ ᠵᠠᠮ ᠶᠣᠰᠣᠭᠠᠷ᠂ ︽ᠵᠠᠬᠢᠳᠠᠯ ᠢᠶᠠᠷ ᠭᠡᠷᠡᠴᠢ ᠶᠢ | ᠣᠷᠣᠯᠠᠭᠤᠯᠬᠤ︾᠂ ︽ᠦᠨᠡᠮᠯᠡᠯ ᠣᠯᠭᠤᠬᠤ ᠪᠠ ᠭᠠᠶᠢᠯᠢ ᠲᠤᠰᠢᠶᠠᠬᠤ ᠶᠢ ᠰᠠᠯᠭᠠᠬᠤ︾᠂ ︽ᠨᠠᠶᠢᠳᠠᠵᠤ ᠣᠷᠣᠯᠠᠨ ᠭᠦᠢᠴᠡᠳᠬᠡᠬᠦ︾᠂ ︽ᠭᠠᠷᠳᠠᠮ ᠳᠤᠲᠠᠭᠤ ᠶᠢ | ᠭᠥᠯᠢᠶᠡᠨ ᠠᠪᠴᠤ ᠰᠢᠢᠳᠪᠦᠷᠢᠯᠡᠬᠦ︾ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠵᠢᠭᠦᠯᠵᠦ᠂ ᠲᠦᠭᠵᠢᠷᠡᠯ ᠲᠠᠢ ᠬᠦᠴᠢᠷ ᠠᠰᠠᠭᠤᠳᠠᠯ ᠢ ᠰᠢᠢᠳᠪᠦᠷᠢᠯᠡᠨ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠶᠢᠨ ᠠᠩᠬ᠎ᠠ ᠤᠳᠠᠭ᠎ᠠ ᠳᠠᠩᠰᠠᠯᠠᠬᠤ ᠪᠠ ᠡᠷᠦᠬᠡ ᠬᠤᠪᠢᠶᠠᠨ ᠳᠠᠩᠰᠠᠯᠠᠬᠤ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ⒉ ᠭᠡᠷ ᠭᠠᠵᠠᠷ ᠬᠥᠷᠥᠩᠭᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠬᠠᠮᠵᠢᠯᠴᠠᠬᠤ ᠦᠭᠡᠢ᠂ ᠭᠡᠷ ᠭᠠᠵᠠᠷ ᠬᠥᠷᠥᠩᠭᠡ ᠶᠢᠨ ᠠᠵᠤ ᠠᠬᠤᠶᠢᠯᠠᠯ ᠢ ᠬᠦᠴᠦᠨ | ᠦᠭᠡᠢ ᠪᠣᠯᠭᠠᠭᠰᠠᠨ᠂ ᠭᠤᠣᠯ ᠴᠣᠭᠴᠠ ᠨᠢ ᠪᠠᠶᠢᠴᠠᠭᠠᠨ ᠪᠢᠲᠡᠭᠦᠮᠵᠢᠯᠡᠭᠳᠡᠵᠦ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠬᠢᠯᠭᠡᠬᠦ ᠶᠢ ᠬᠢᠵᠠᠭᠠᠷᠯᠠᠭᠰᠠᠨ | ᠪᠠᠶᠢᠳᠠᠯ ᠤᠨ ᠳᠣᠣᠷ᠎ᠠ᠂ ᠭᠡᠷ ᠪᠠᠶᠢᠰᠢᠩ ᠬᠤᠳᠠᠯᠳᠤᠨ ᠠᠪᠤᠭᠴᠢ ᠨᠢᠭᠡᠨᠲᠡ ᠭᠡᠷ ᠭᠠᠵᠠᠷ ᠬᠥᠷᠥᠩᠭᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠯᠤᠭ᠎ᠠ ᠰᠦᠯᠵᠢᠶᠡᠨ | ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ︽ᠲᠠᠸᠠᠷ ᠤᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ︾ ᠲᠣᠭᠲᠠᠭᠰᠠᠨ ᠤ ᠳᠠᠷᠠᠭ᠎ᠠ᠂ ᠰᠢᠯᠲᠠᠭᠠᠨ | ᠦᠭᠡᠢ ᠪᠠᠷ ᠦᠨᠡᠮᠯᠡᠯ ᠬᠢᠯᠭᠡᠬᠦ ᠨᠥᠬᠦᠴᠡᠯ ᠭᠠᠷᠭᠠᠵᠤ᠂ ᠵᠠᠪᠰᠢᠶᠠᠨ ᠢ ᠳᠠᠯᠢᠮᠳᠠᠭᠤᠯᠤᠨ ᠠᠳᠠᠯ ᠠᠬᠤᠢ ᠶᠢᠨ ᠵᠠᠷᠤᠳᠠᠯ᠂ ᠦᠨᠡᠮᠯᠡᠯ ᠬᠢᠯᠭᠡᠬᠦ ᠵᠠᠷᠤᠳᠠᠯ ᠢ ᠠᠪᠬᠤ ᠪᠠᠷ | ᠣᠷᠣᠯᠳᠤᠭᠰᠠᠨ ᠪᠤᠶᠤ ᠬᠢᠷᠢ ᠬᠡᠮ᠂ ᠥᠷᠢ ᠥᠭᠴᠡᠭᠡ ᠶᠢᠨ ᠵᠢᠭᠤᠷᠠᠯᠳᠤᠭᠠᠨ ᠲᠠᠢ ᠬᠤᠯᠪᠣᠭᠳᠠᠭᠠᠳ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠬᠢᠬᠦ ᠶᠢᠨ ᠠᠷᠭ᠎ᠠ | ᠦᠭᠡᠢ ᠪᠣᠯᠤᠭᠰᠠᠨ ᠪᠠᠶᠢᠪᠠᠯ᠂ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠭᠡᠷ ᠭᠠᠵᠠᠷ ᠬᠥᠷᠥᠩᠭᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠤᠶᠤ ᠬᠤᠯᠪᠣᠭᠳᠠᠭᠰᠠᠨ | ᠠᠵᠤ ᠠᠬᠤᠶᠢᠯᠠᠯ ᠤᠨ ᠭᠤᠣᠯ ᠴᠣᠭᠴᠠ ᠯᠤᠭ᠎ᠠ ᠪᠣᠯᠵᠣᠨ ᠶᠠᠷᠢᠯᠴᠠᠵᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠭᠠᠷᠳᠠᠨ᠎ᠠ᠃ ᠪᠣᠯᠵᠣᠨ ᠶᠠᠷᠢᠯᠴᠠᠭᠰᠠᠨ ᠤ ᠳᠠᠷᠠᠭ᠎ᠠ | ᠮᠥᠨ ᠭᠦᠢᠴᠡᠳᠬᠡᠬᠦ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠤᠨ ᠬᠢᠨᠠᠨ ᠪᠠᠶᠢᠴᠠᠭᠠᠬᠤ ᠵᠢᠴᠢ ᠪᠤᠰᠤᠳ ᠴᠢᠳᠠᠪᠬᠢᠲᠤ | ᠪᠠᠶᠢᠭᠤᠯᠭ᠎ᠠ ᠨᠤᠭᠤᠳ ᠬᠤᠯᠪᠤᠭᠠᠯᠠᠨ ᠵᠠᠯᠬᠠᠭᠠᠨ᠎ᠠ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠲᠤᠶᠢᠯᠪᠤᠷᠢᠲᠠᠢ ᠪᠠᠶᠢᠴᠠᠭᠠᠵᠤ᠂ ᠴᠢᠩᠭ᠎ᠠ | ᠰᠢᠢᠳᠪᠦᠷᠢᠯᠡᠨ᠎ᠡ᠃ ᠣᠯᠠᠨ ᠵᠦᠢᠯ ᠤᠨ ᠠᠷᠭ᠎ᠠ ᠶᠢ ᠠᠪᠤᠭᠠᠳ ᠪᠠᠰᠠ ᠭᠦᠢᠴᠡᠳᠬᠡᠬᠦ ᠶᠢ ᠲᠡᠪᠴᠢᠪᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠬᠠᠮᠢᠶ᠎ᠠ ᠪᠦᠬᠦᠢ ᠪᠠᠶᠢᠭᠤᠯᠤᠮᠵᠢ ᠶᠢ ᠵᠢᠭᠠᠨ ᠲᠣᠭᠲᠠᠭᠠᠬᠤ ᠪᠤᠶᠤ ᠬᠠᠮᠢᠶ᠎ᠠ ᠪᠦᠬᠦᠢ ᠪᠠᠶᠢᠭᠤᠯᠤᠮᠵᠢ ᠳᠤ ᠨᠠᠶᠢᠳᠠᠵᠤ ᠠᠩᠬ᠎ᠠ ᠤᠳᠠᠭ᠎ᠠ ᠳᠠᠩᠰᠠᠯᠠᠬᠤ ᠪᠠ ᠡᠷᠦᠬᠡ | ᠬᠤᠪᠢᠶᠠᠨ ᠳᠠᠩᠰᠠᠯᠠᠬᠤ ᠶᠢ ᠣᠷᠣᠯᠠᠨ ᠭᠦᠢᠴᠡᠳᠬᠡᠨ᠎ᠡ᠃ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠠᠵᠢᠯ ᠤᠨ ᠳᠤᠮᠳᠠ ᠵᠦᠢ ᠪᠤᠰᠤ | ᠰᠦᠢᠳᠬᠡᠯ ᠢ ᠠᠯᠪᠠᠳᠠᠯᠭ᠎ᠠ ᠪᠠᠷ ᠬᠤᠷᠢᠶᠠᠭᠰᠠᠨ ᠪᠤᠰᠤᠳ ᠨᠡᠶᠢᠭᠡᠮ ᠤᠨ ᠵᠠᠭᠤᠴᠢ ᠪᠠ ᠬᠤᠯᠪᠣᠭᠳᠠᠯ ᠪᠦᠬᠦᠢ ᠨᠢᠭᠡᠴᠢ᠂ ᠭᠡᠷ ᠪᠠᠶᠢᠰᠢᠩ ᠤᠨ ᠵᠣᠭᠤᠰ ᠵᠡᠷᠭᠡ ᠵᠠᠷᠤᠳᠠᠯ ᠢ | ᠵᠣᠷᠢᠭᠤᠳᠠ ᠥᠷᠢᠲᠦᠬᠦ ᠪᠠ ᠭᠦᠢᠴᠡᠳᠬᠡᠬᠦ ᠶᠢ ᠳᠡᠪᠴᠢᠬᠦ ᠵᠢᠴᠢ ᠴᠤᠤᠷᠬᠠᠯ ᠲᠠᠯᠪᠢᠵᠤ ᠥᠳᠥᠭᠡᠭᠰᠡᠨ ᠠᠴᠠ ᠮᠠᠭᠤ ᠨᠥᠯᠥᠭᠡ ᠭᠠᠷᠭᠠᠭᠰᠠᠨ ᠬᠤᠪᠢ ᠬᠥᠮᠥᠨ ᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠠᠷᠭ᠎ᠠ ᠪᠠᠷᠢᠯ ᠢ ᠴᠢᠩᠭᠠᠳᠬᠠᠨ᠎ᠠ᠃ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠡᠵᠡᠩᠨᠡᠯᠲᠡ ᠶᠢᠨ | ᠠᠵᠢᠯᠯᠠᠭ᠎ᠠ ᠶᠢ ᠬᠢᠵᠠᠭᠠᠷᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠲᠡᠭᠦᠨ ᠢ ᠢᠲᠡᠭᠡᠮᠵᠢ ᠶᠢᠨ ᠬᠡᠪ ᠤᠨ ᠪᠤᠰᠤ | ᠨᠡᠷᠡᠰ ᠤᠨ ᠵᠢᠭᠰᠠᠭᠠᠯᠲᠠ ᠳᠤ ᠣᠷᠣᠭᠤᠯᠤᠨ᠂ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ | ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠬᠤ᠂ ᠭᠠᠶᠢᠯᠢ ᠲᠤᠰᠢᠶᠠᠬᠤ ᠪᠠᠷ ᠮᠡᠳᠡᠭᠦᠯᠬᠦ᠂ ᠪᠠᠷᠢᠴᠠᠭᠠᠯᠠᠵᠤ | ᠪᠡᠯᠡ ᠬᠤᠷᠠᠮᠳᠤᠭᠤᠯᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠶᠢ ᠨᠢ ᠬᠢᠵᠠᠭᠠᠷᠯᠠᠵᠤ᠂ ︽ᠨᠢᠭᠡ ᠶᠠᠪᠤᠳᠠᠯ ᠳᠤ ᠲᠣᠭᠲᠠᠭᠠᠯ ᠠᠴᠠ ᠵᠥᠷᠢᠴᠡᠪᠡᠯ᠂ ᠶᠠᠪᠤᠳᠠᠯ | ᠪᠣᠯᠭᠠᠨ ᠳᠤ ᠬᠢᠵᠠᠭᠠᠷᠯᠠᠭᠳᠠᠬᠤ︾ ᠲᠣᠭᠲᠠᠴᠠ ᠶᠢ ᠪᠠᠶᠢᠭᠤᠯᠤᠨ᠎ᠠ᠃ | ⒊ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ ᠭᠠᠶᠢᠯᠢ ᠲᠤᠰᠢᠶᠠᠭᠴᠢ ᠭᠡᠷ᠎ᠡ ᠶᠢᠨ ᠭᠠᠶᠢᠯᠢ ᠶᠢᠨ ᠭᠠᠶᠢᠯᠢ | ᠲᠤᠰᠢᠶᠠᠬᠤ ᠪᠠᠷ ᠮᠡᠳᠡᠭᠦᠯᠬᠦ ᠦᠶ᠎ᠡ ᠳᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠬᠤᠳᠠᠯᠳᠤᠬᠤ ᠭᠡᠷ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠠᠵᠤ ᠠᠬᠤᠶᠢᠯᠠᠯ ᠨᠢ ᠨᠢᠭᠡᠨᠲᠡ ᠭᠠᠶᠢᠯᠢ ᠶᠢᠨ ᠶᠠᠪᠤᠳᠠᠯ ᠤᠨ ᠳᠠᠩᠰᠠᠯᠠᠯ ᠢᠶᠠᠨ ᠬᠦᠴᠦᠨ ᠦᠭᠡᠢ ᠪᠣᠯᠭᠠᠭᠰᠠᠨ ᠪᠤᠶᠤ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠳᠤ ᠬᠡᠪ ᠤᠨ ᠪᠤᠰᠤ ᠡᠷᠤᠭᠡ ᠳᠤ ᠵᠢᠭᠰᠠᠭᠠᠭᠳᠠᠭᠰᠠᠨ ᠵᠡᠷᠭᠡ ᠰᠢᠯᠲᠠᠭᠠᠨ ᠠᠴᠠ ᠪᠣᠯᠵᠤ᠂ ᠭᠠᠶᠢᠯᠢ ᠲᠤᠰᠢᠶᠠᠭᠴᠢ ᠦᠯᠦ ᠬᠥᠳᠡᠯᠬᠦ | ᠬᠥᠷᠥᠩᠭᠡ ᠶᠢ ᠪᠣᠷᠣᠯᠠᠭᠤᠯᠤᠭᠰᠠᠨ ᠪᠠᠷᠢᠮᠲᠠ ᠶᠢ ᠭᠠᠷᠭᠠᠵᠤ ᠠᠪᠴᠦ ᠴᠢᠳᠠᠬᠤ ᠦᠭᠡᠢ ᠪᠠᠶᠢᠪᠠᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠤᠯᠪᠣᠭᠳᠠᠯ ᠪᠦᠬᠦᠢ | ᠪᠠᠶᠢᠳᠠᠯ ᠢ ᠬᠢᠨᠠᠨ ᠬᠠᠷᠭᠤᠭᠤᠯᠤᠭᠰᠠᠨ ᠤ ᠲᠠᠷᠠᠭ᠎ᠠ ᠭᠥᠯᠢᠶᠡᠨ ᠠᠪᠴᠤ ᠰᠢᠢᠳᠪᠦᠷᠢᠯᠡᠨ᠎ᠡ᠃ ᠭᠡᠷ᠎ᠡ ᠶᠢᠨ ᠭᠠᠶᠢᠯᠢ ᠶᠢᠨ ᠮᠡᠳᠡᠭᠦᠯᠦᠯᠲᠡ ᠶᠢ ᠬᠦᠯᠢᠶᠡᠨ ᠠᠪᠴᠤ | ᠰᠢᠢᠳᠪᠦᠷᠢᠯᠡᠭᠰᠡᠨ ᠦᠭᠡᠢ ᠠᠴᠠ ᠭᠡᠷ ᠪᠠᠶᠢᠰᠢᠩ ᠬᠤᠳᠠᠯᠳᠤᠨ ᠠᠪᠤᠭᠴᠢ ᠶᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢᠨ ᠠᠷᠭ᠎ᠠ ᠦᠭᠡᠢ | ᠪᠣᠯᠭᠠᠭᠰᠠᠨ ᠪᠠᠶᠢᠪᠠᠯ᠂ ︽ᠭᠡᠷ᠎ᠡ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷᠯᠠᠯ 2015 ᠣᠨ ᠤ 67 ᠳ᠋ᠤᠭᠠᠷ | ᠲᠣᠭᠠᠲᠤ︶᠂ ︽ᠬᠤᠲᠠ ᠪᠠᠯᠭᠠᠰᠤ ᠶᠢᠨ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ | ᠢᠷᠡᠭᠰᠡᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ | ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ ﹇2021﹈ 89 ᠳ᠋ᠦ᠋ᠭᠡᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃ | ⒋ ᠠᠵᠤ ᠠᠬᠤᠶᠢᠯᠠᠯ ᠤᠨ ᠵᠣᠷᠢᠭᠤᠳᠠ ᠭᠠᠶᠢᠯᠢ ᠥᠷᠢᠲᠦᠬᠦ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢᠨ ᠠᠰᠠᠭᠤᠳᠠᠯ ᠤᠨ ᠲᠤᠬᠠᠢ᠃ ᠬᠠᠮᠢᠶ᠎ᠠ | ᠪᠦᠬᠦᠢ ᠭᠠᠶᠢᠯᠢ ᠵᠠᠷᠤᠳᠠᠯ ᠢ ᠲᠤᠰᠢᠶᠠᠬᠤ ᠴᠢᠳᠠᠪᠤᠷᠢ ᠲᠠᠢ ᠪᠣᠯᠪᠠᠴᠤ ᠵᠣᠷᠢᠭᠤᠳᠠ ᠥᠷᠢᠲᠦᠵᠦ ᠤᠳᠠᠭᠠᠰᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠲᠠᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ᠂ ᠢᠯᠠᠩᠭᠤᠶ᠎ᠠ ᠠᠵᠤ ᠠᠬᠤᠶᠢᠯᠠᠯ ᠥᠮᠴᠢᠲᠡᠨ ᠤ ᠭᠡᠷ᠎ᠡ ᠶᠢᠨ ᠭᠠᠶᠢᠯᠢ ᠶᠢ ᠨᠡᠭᠦᠯᠭᠡᠨ ᠬᠡᠷᠡᠭᠯᠡᠭᠰᠡᠨ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠤᠯᠪᠣᠭᠳᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ | ᠠᠴᠠ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠵᠢᠴᠢ ᠬᠠᠮᠢᠶ᠎ᠠ | ᠪᠦᠬᠦᠢ ᠬᠠᠷᠢᠭᠤᠴᠠᠯᠭᠠᠲᠠᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠪᠣᠳᠠᠲᠠᠢ | ᠡᠵᠡᠮᠳᠡᠭᠴᠢ ᠶᠢ ᠡᠯ᠎ᠡ ᠱᠠᠲᠤᠨ ᠤ ᠢᠲᠡᠭᠡᠯ ᠠᠯᠳᠠᠭᠰᠠᠳ ᠤᠨ ᠬᠠᠷ᠎ᠠ ᠲᠠᠩᠰᠠᠨ ᠳᠤ ᠣᠷᠣᠭᠤᠯᠤᠨ᠎ᠠ᠃ | ⒌ ᠬᠠᠤᠯᠢ ᠴᠠᠭᠠᠵᠠ ᠪᠠ ᠵᠠᠷᠭᠤ ᠳᠤ ᠬᠤᠯᠪᠣᠭᠳᠠᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠲᠤᠬᠠᠢ᠃ ᠭᠠᠵᠠᠷ ᠰᠢᠷᠣᠢ ᠶᠢ ᠬᠡᠷᠡᠭᠯᠡᠬᠦ | ᠡᠷᠬᠡ ᠪᠤᠶᠤ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠪᠠᠷᠢᠴᠠᠭᠠᠯᠠᠭᠰᠠᠨ᠂ ᠪᠢᠲᠡᠭᠦᠮᠵᠢᠯᠡᠭᠰᠡᠨ ᠡᠰᠡᠬᠦᠯ᠎ᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠠᠤᠯᠢ ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠢᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠷᠢᠳᠴᠢᠯᠠᠨ | ᠬᠤᠳᠠᠯᠳᠤᠬᠤ ᠱᠠᠲᠤᠨ ᠳᠤ ᠣᠷᠣᠯᠠᠨ ᠬᠤᠷᠢᠶᠠᠭᠰᠠᠨ ᠭᠡᠷ᠎ᠡ ᠶᠢᠨ ᠭᠠᠶᠢᠯᠢ ᠶᠢᠨ ᠵᠣᠭᠤᠰ ᠪᠠ ᠣᠷᠣᠨ ᠰᠠᠭᠤᠴᠠ ᠶᠢ ᠰᠡᠯᠪᠢᠨ ᠵᠠᠰᠠᠬᠤ ᠲᠤᠰᠬᠠᠢ ᠪᠡᠯᠡ ᠮᠥᠩᠭᠦ ᠶᠢ | ᠨᠡᠭᠦᠯᠭᠡᠨ ᠬᠡᠷᠡᠭᠯᠡᠭᠰᠡᠨ ᠵᠡᠷᠭᠡ ᠪᠠᠶᠢᠳᠠᠯ ᠠᠴᠠ ᠪᠣᠯᠵᠤ᠂ ᠠᠩᠬ᠎ᠠ ᠤᠳᠠᠭ᠎ᠠ ᠳᠠᠩᠰᠠᠯᠠᠬᠤ ᠪᠠ ᠡᠷᠤᠭᠡ ᠬᠤᠪᠢᠶᠠᠨ ᠳᠠᠩᠰᠠᠯᠠᠬᠤ ᠶᠢ ᠭᠦᠢᠴᠡᠳᠬᠡᠵᠦ ᠳᠡᠶᠢᠯᠬᠦ ᠦᠭᠡᠢ | ᠪᠣᠯᠤᠭᠰᠠᠨ ᠲᠥᠷᠥᠯ ᠵᠦᠢᠯ ᠢ ᠠᠳᠠᠯᠢ ᠪᠤᠰᠤ ᠪᠠᠶᠢᠳᠠᠯ ᠢᠶᠠᠷ ᠨᠢ ᠲᠦᠷᠦᠯ ᠬᠤᠪᠢᠶᠠᠨ ᠰᠢᠢᠳᠪᠦᠷᠢᠯᠡᠨ᠎ᠡ᠄ | ⑴ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠠᠷᠢᠴᠠᠭᠠᠯᠠᠬᠤ᠂ ᠪᠠᠶᠢᠴᠠᠭᠠᠨ ᠪᠢᠲᠡᠭᠦᠮᠵᠢᠯᠡᠬᠦ ᠠᠴᠠ ᠡᠮᠦᠨ᠎ᠡ᠂ ᠨᠢᠭᠡᠨᠲᠡ | ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ︵ᠪᠤᠴᠠᠭᠠᠨ ᠨᠡᠭᠦᠯᠭᠡᠵᠦ ᠰᠣᠯᠢᠬᠤ ᠬᠡᠯᠡᠯᠴᠡᠭᠡᠷ ᠪᠠᠭᠲᠠᠨ᠎ᠠ︶ ᠲᠣᠭᠲᠠᠭᠰᠠᠨ ᠪᠣᠯ᠂ ᠰᠢᠯᠵᠢᠭᠦᠯᠦᠨ | ᠬᠤᠳᠠᠯᠳᠤᠬᠤ ᠠᠷᠭ᠎ᠠ ᠮᠠᠶ᠋ᠢᠭ ᠢᠶᠠᠷ ᠣᠯᠣᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠡᠷᠬᠡᠲᠦ ᠬᠥᠮᠥᠨ ᠥᠯᠥ | ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯ ᠬᠢᠯᠭᠡᠬᠦ ᠪᠠᠷ ᠭᠤᠶᠤᠴᠢᠯᠠᠭᠰᠠᠨ ᠪᠠᠶᠢᠪᠠᠯ᠂ ︽ᠭᠠᠵᠠᠷ ᠨᠢ ᠭᠡᠷ ᠪᠠᠶᠢᠰᠢᠩ ᠢᠶᠠᠨ ᠳᠠᠭᠠᠵᠤ ᠶᠠᠪᠤᠬᠤ︾ ᠵᠠᠷᠴᠢᠮ | ᠶᠣᠰᠣᠭᠠᠷ᠂ ᠪᠡᠷᠢᠴᠠᠭᠠᠨ ᠤ ᠡᠷᠬᠡᠲᠦ ᠬᠥᠮᠥᠨ᠂ ᠪᠠᠶᠢᠴᠠᠭᠠᠨ ᠪᠢᠲᠡᠭᠦᠮᠵᠢᠯᠡᠭᠰᠡᠨ ᠪᠠᠶᠢᠭᠤᠯᠭ᠎ᠠ ᠶᠢᠨ ᠰᠠᠨᠠᠯ ᠢ ᠳᠠᠭᠢᠵᠤ ᠬᠤᠷᠢᠶᠠᠬᠤ ᠴᠢᠬᠤᠯᠠ ᠦᠭᠡᠢ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠯ ᠤᠨ ᠲᠥᠪ ᠠᠴᠠ ᠶᠠᠪᠤᠴᠠ ᠶᠣᠰᠣᠭᠠᠷ ᠭᠦᠢᠴᠡᠳᠬᠡᠨ᠎ᠡ᠃ | ⑵ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠠᠷᠢᠴᠠᠭᠠᠯᠠᠵᠤ᠂ ᠪᠠᠶᠢᠴᠠᠭᠠᠨ ᠪᠢᠲᠡᠭᠦᠮᠵᠢᠯᠡᠭᠰᠡᠨ ᠤ ᠲᠠᠷᠠᠭ᠎ᠠ ᠲᠠᠸᠠᠷ ᠤᠨ ᠭᠡᠷ | ᠪᠠᠶᠢᠰᠢᠩ ᠢ ᠬᠤᠳᠠᠯᠳᠤᠭᠠᠯᠠᠬᠤ ᠭᠡᠷ᠎ᠡ ᠲᠣᠭᠲᠠᠭᠰᠠᠨ ᠵᠢᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠠᠤᠯᠢ | ᠴᠠᠭᠠᠵᠠ ᠪᠠ ᠵᠠᠷᠭᠤ ᠳᠤ ᠬᠤᠯᠪᠣᠭᠳᠠᠭᠰᠠᠨ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠷᠢᠳᠴᠢᠯᠠᠨ ᠬᠤᠳᠠᠯᠳᠤᠬᠤ ᠱᠠᠲᠤᠨ ᠳᠤ ᠣᠷᠣᠯᠠᠨ ᠬᠤᠷᠢᠶᠠᠭᠰᠠᠨ | ᠭᠡᠷ᠎ᠡ ᠶᠢᠨ ᠭᠠᠶᠢᠯᠢ ᠶᠢᠨ ᠵᠣᠭᠤᠰ ᠪᠠ ᠣᠷᠣᠨ ᠰᠠᠭᠤᠴᠠ ᠶᠢ ᠰᠡᠯᠪᠢᠨ ᠵᠠᠰᠠᠬᠤ ᠲᠤᠰᠬᠠᠢ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ ᠵᠡᠷᠭᠡ ᠪᠠᠶᠢᠳᠠᠯ ᠳᠤ ᠡᠷᠬᠡᠲᠦ | ᠬᠥᠮᠥᠨ ᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠠᠪᠬᠤ ᠪᠠᠷ ᠱᠠᠭᠠᠷᠳᠠᠭᠰᠠᠨ ᠪᠠᠶᠢᠪᠠᠯ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠴᠠ | ᠬᠠᠮᠢᠶ᠎ᠠ ᠪᠦᠬᠦᠢ ᠪᠡᠷᠢᠴᠠᠭᠠᠨ ᠤ ᠡᠷᠬᠡᠲᠦ ᠬᠥᠮᠥᠨ᠂ ᠪᠠᠶᠢᠴᠠᠭᠠᠨ ᠪᠢᠲᠡᠭᠦᠮᠵᠢᠯᠡᠭᠰᠡᠨ ᠪᠠᠶᠢᠭᠤᠯᠭ᠎ᠠ ᠵᠢᠴᠢ ᠪᠤᠰᠤᠳ ᠭᠤᠣᠯᠯᠠᠨ ᠬᠠᠮᠢᠶᠠᠷᠬᠤ ᠪᠠᠶᠢᠭᠤᠯᠭ᠎ᠠ ᠲᠠᠢ | ᠬᠠᠷᠢᠯᠴᠠᠵᠤ ᠵᠣᠬᠢᠴᠠᠭᠤᠯᠤᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠢ ᠤᠷᠢᠳᠠᠪᠠᠷ ᠬᠢᠬᠦ ᠶᠢ ᠵᠥᠪᠰᠢᠶᠡᠷᠡᠭᠰᠡᠨ ᠰᠠᠨᠠᠯ ᠭᠠᠷᠭᠠᠭᠰᠠᠨ ᠤ ᠳᠠᠷᠠᠭ᠎ᠠ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠯ ᠤᠨ ᠲᠥᠪ ᠠᠴᠠ ᠳᠠᠩᠰᠠᠯᠠᠯ ᠤᠨ ᠭᠠᠷᠳᠠᠮ ᠢ ᠬᠢᠵᠦ ᠥᠭᠭᠦᠨ᠎ᠡ᠂ ᠡᠷᠦᠬᠡ ᠬᠤᠪᠢᠶᠠᠨ ᠳᠠᠩᠰᠠᠯᠠᠬᠤ ᠡᠷᠬᠡᠲᠦ ᠬᠥᠮᠥᠨ ᠨᠢ | ᠭᠡᠷ᠎ᠡ ᠶᠢᠨ ᠭᠠᠶᠢᠯᠢ ᠲᠤᠰᠢᠶᠠᠬᠤ ᠪᠠᠷ ᠮᠡᠳᠡᠭᠦᠯᠦᠭᠰᠡᠨ ᠤ ᠳᠠᠷᠠᠭ᠎ᠠ ᠡᠷᠦᠬᠡ ᠬᠤᠪᠢᠶᠠᠨ ᠳᠠᠩᠰᠠᠯᠠᠬᠤ ᠭᠠᠷᠳᠠᠮ ᠢ ᠬᠢᠨ᠎ᠡ᠃ ᠬᠤᠯᠪᠣᠭᠳᠠᠭᠰᠠᠨ ᠪᠠᠷᠢᠴᠠᠭᠠᠯᠠᠭᠰᠠᠨ᠂ | ᠪᠠᠶᠢᠴᠠᠭᠠᠨ ᠪᠢᠲᠡᠭᠦᠮᠵᠢᠯᠡᠭᠰᠡᠨ ᠡᠳ᠋ ᠬᠥᠷᠥᠩᠭᠡ ᠵᠢᠴᠢ ᠨᠡᠭᠦᠯᠭᠡᠨ ᠬᠡᠷᠡᠭᠯᠡᠭᠰᠡᠨ ᠪᠡᠯᠡ ᠮᠥᠩᠭᠦ ᠶᠢ ᠰᠣᠯᠢᠬᠤ᠂ ᠲᠤᠯᠭᠠᠨ ᠭᠠᠷᠭᠠᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠲᠣᠬᠢᠲᠠᠢ ᠰᠢᠢᠳᠪᠦᠷᠢᠯᠡᠬᠦ ᠲᠥᠰᠥᠯ ᠭᠠᠷᠭᠠᠨ᠎ᠠ᠃ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ | ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ⑶ ᠵᠣᠬᠢᠴᠠᠭᠤᠯᠤᠨ ᠵᠣᠯᠭᠠᠭᠤᠯᠬᠤ ᠪᠠᠷ ᠳᠠᠮᠵᠢᠭᠠᠳ ᠲᠣᠬᠢᠲᠠᠢ ᠰᠢᠢᠳᠪᠦᠷᠢᠯᠡᠬᠦ ᠲᠥᠰᠥᠯ ᠢ ᠭᠠᠷᠭᠠᠬᠤ ᠳᠤ ᠬᠦᠴᠢᠷᠲᠡᠢ ᠪᠥᠭᠡᠳ ᠪᠡᠷᠢᠴᠠᠭᠠᠨ ᠤ ᠡᠷᠬᠡᠲᠦ | ᠬᠥᠮᠥᠨ᠂ ᠪᠠᠶᠢᠴᠠᠭᠠᠨ ᠪᠢᠲᠡᠭᠦᠮᠵᠢᠯᠡᠭᠰᠡᠨ ᠪᠠᠶᠢᠭᠤᠯᠭ᠎ᠠ᠂ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠦᠯᠦ ᠬᠥᠳᠡᠯᠬᠦ ᠬᠥᠷᠥᠩᠭᠡ ᠶᠢᠨ | ᠳᠠᠩᠰᠠᠯᠠᠯ ᠢ ᠤᠷᠢᠳᠠᠪᠠᠷ ᠬᠢᠬᠦ ᠶᠢ ᠵᠥᠪᠰᠢᠶᠡᠷᠡᠭᠰᠡᠨ ᠰᠠᠨᠠᠯ ᠢ ᠭᠠᠷᠭᠠᠵᠤ ᠥᠭᠬᠦ ᠦᠭᠡᠢ ᠪᠣᠯ᠂ ︽ᠣᠯᠠᠨ ᠲᠦᠮᠡᠨ ᠳᠤ ᠣᠰᠣᠯ ᠪᠤᠷᠤᠭᠤ ᠦᠭᠡᠢ︾ ᠪᠠᠶᠢᠬᠤ | ᠵᠠᠷᠴᠢᠮ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠳᠠᠪᠠᠷ ᠠᠩᠬ᠎ᠠ ᠤᠳᠠᠭ᠎ᠠ ᠳᠠᠩᠰᠠᠯᠠᠬᠤ ᠪᠠ ᠡᠷᠦᠬᠡ ᠬᠤᠪᠢᠶᠠᠨ ᠳᠠᠩᠰᠠᠯᠠᠬᠤ | ᠠᠵᠢᠯ ᠢ ᠥᠷᠨᠢᠭᠦᠯᠬᠦ ᠪᠢᠴᠢᠭ ᠮᠠᠲ᠋ᠧᠷᠢᠶᠠᠯ ᠪᠤᠶᠤ ᠬᠤᠷᠠᠯ ᠤᠨ ᠲᠣᠪᠴᠢ ᠲᠡᠮᠳᠡᠭᠯᠡᠯ ᠭᠠᠷᠭᠠᠵᠤ᠂ ᠲᠥᠷᠥᠯ ᠵᠦᠢᠯ ᠢ ᠠᠩᠬ᠎ᠠ ᠤᠳᠠᠭ᠎ᠠ ᠳᠠᠩᠰᠠᠯᠠᠨ᠎ᠠ᠂ ᠡᠷᠦᠬᠡ | ᠬᠤᠪᠢᠶᠠᠨ ᠳᠠᠩᠰᠠᠯᠠᠬᠤ ᠡᠷᠬᠡᠲᠦ ᠬᠥᠮᠥᠨ ᠭᠡᠷ᠎ᠡ ᠶᠢᠨ ᠭᠠᠶᠢᠯᠢ ᠲᠤᠰᠢᠶᠠᠬᠤ ᠪᠠᠷ ᠮᠡᠳᠡᠭᠦᠯᠦᠭᠰᠡᠨ ᠤ ᠳᠠᠷᠠᠭ᠎ᠠ ᠡᠷᠦᠬᠡ ᠬᠤᠪᠢᠶᠠᠨ ᠳᠠᠩᠰᠠᠯᠠᠨ᠎ᠠ᠃ ᠬᠤᠯᠪᠣᠭᠳᠠᠭᠰᠠᠨ | ᠪᠤᠰᠤᠳ ᠤᠴᠢᠷ ᠶᠠᠪᠤᠳᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠠᠰᠲᠠᠭᠠᠨ ᠰᠢᠢᠳᠪᠦᠷᠢᠯᠡᠨ᠎ᠡ᠃ | ⒍ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠥᠮᠴᠢᠯᠡᠬᠦ ᠡᠷᠬᠡ ᠶᠢᠨ ᠦᠨᠡᠮᠯᠡᠯ ᠤᠨ ᠤᠴᠢᠷ ᠶᠠᠪᠤᠳᠠᠯ᠂ ᠨᠥᠬᠦᠵᠦ ᠬᠢᠯᠭᠡᠬᠦ | ᠲᠥᠯᠥᠪᠵᠢᠭᠦᠯᠭᠡ᠂ ᠠᠵᠢᠯ ᠳᠠᠭᠤᠰᠤᠭᠰᠠᠨ ᠰᠢᠯᠭᠠᠨ ᠬᠤᠷᠢᠶᠠᠯᠲᠠ ᠵᠡᠷᠭᠡ ᠬᠠᠮᠢᠶ᠎ᠠ ᠪᠦᠬᠦᠢ ᠭᠠᠷᠳᠠᠮ ᠢ ᠰᠦᠯᠵᠢᠶᠡᠨ ᠠᠴᠠ ᠭᠠᠳᠠᠨ᠎ᠠ ᠴᠣᠩᠬᠤᠪᠴᠢ ᠳᠡᠭᠡᠷ᠎ᠡ ᠬᠦᠷᠴᠦ | ᠭᠦᠢᠴᠡᠳᠬᠡᠨ᠎ᠡ᠃ | ⒎ ᠰᠠᠭᠤᠭᠠᠯᠢ ᠲᠣᠭᠤᠷᠢᠭ ᠤᠨ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠣᠯᠣᠭᠠᠳᠤᠢ | ᠪᠠᠶᠢᠳᠠᠯ ᠳᠤ ᠴᠢᠭᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠭᠤᠯᠭ᠎ᠠ ᠠᠴᠠ ᠣᠳᠣᠬᠢ ᠪᠠᠶᠢᠳᠠᠯ ᠢ ᠦᠨᠳᠦᠰᠦᠯᠡᠨ ᠬᠡᠷᠡᠭᠯᠡᠬᠦ ᠭᠠᠵᠠᠷ ᠤᠨ ᠵᠠᠭᠠᠭ ᠱᠤᠭᠤᠮ ᠢ | ᠲᠣᠭᠲᠠᠭᠠᠬᠤ ᠶᠢᠨ ᠬᠠᠮᠲᠤ ᠡᠷᠬᠡ ᠶᠢᠨ ᠬᠠᠷᠢᠶᠠᠯᠠᠯ ᠢ ᠬᠠᠷᠭᠤᠭᠤᠯᠤᠭᠠᠳ ᠮᠠᠷᠭᠤᠯᠳᠤᠭᠠᠨ ᠦᠭᠡᠢ ᠪᠣᠯᠣᠭᠰᠠᠨ ᠤ ᠳᠠᠷᠠᠭ᠎ᠠ᠂ ᠲᠥᠷᠥᠯ ᠵᠦᠢᠯ ᠤᠨ ᠭᠠᠵᠠᠷ ᠬᠡᠷᠡᠭᠯᠡᠬᠦ | ᠭᠠᠷᠳᠠᠮ ᠢ ᠤᠷᠢᠳᠠᠪᠠᠷ ᠨᠥᠬᠦᠵᠦ ᠭᠦᠢᠴᠡᠳᠬᠡᠨ᠎ᠡ᠂ ᠳᠠᠷᠠᠭ᠎ᠠ ᠨᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠬᠠᠮᠲᠤᠷᠠᠵᠤ | ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠬᠠᠤᠯᠢ ᠶᠣᠰᠣᠨ ᠤ ᠠᠷᠭ᠎ᠠ ᠵᠠᠮ ᠢᠶᠠᠷ ᠨᠡᠬᠡᠮᠵᠢᠯᠡᠨ ᠲᠤᠰᠢᠶᠠᠯᠭᠠᠨ᠎ᠠ᠃ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠨᠢ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ ᠦᠨᠳᠦᠰᠦᠯᠡᠨ ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠳᠠᠩᠰᠠᠯᠠᠭᠰᠠᠨ ᠤ ᠳᠠᠷᠠᠭ᠎ᠠ᠂ ᠣᠯᠠᠨ ᠲᠦᠮᠡᠨ ᠳᠤ ᠥᠮᠴᠢᠯᠡᠯ ᠤᠨ ᠡᠷᠬᠡ ᠶᠢᠨ ᠳᠠᠩᠰᠠᠯᠠᠯ ᠢ ᠬᠢᠵᠦ | ᠥᠭᠭᠦᠨ᠎ᠡ᠃ ᠬᠡᠷᠪᠡ ᠳᠡᠭᠡᠷ᠎ᠡ ᠳᠤᠷᠠᠳᠤᠭᠰᠠᠨ ᠶᠠᠪᠤᠴᠠ ᠪᠠᠷ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠣᠯᠬᠤ ᠶᠢᠨ ᠠᠷᠭ᠎ᠠ ᠦᠭᠡᠢ ᠪᠣᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠳᠠᠪᠠᠷ ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ | ᠭᠠᠷ ᠤᠨ ᠥᠰᠥᠭ ᠵᠢᠷᠤᠬᠤ᠂ ᠲᠠᠸᠠᠷ ᠤᠨ ᠭᠡᠷ ᠪᠠᠶᠢᠰᠢᠩ ᠤᠨ ᠤᠷᠢᠳᠴᠢᠯᠠᠨ ᠮᠡᠳᠡᠭᠳᠡᠬᠦ ᠳᠠᠩᠰᠠᠯᠠᠯ ᠢ ᠭᠦᠢᠴᠡᠳᠬᠡᠬᠦ ᠪᠠᠷ ᠰᠤᠳᠤᠯᠤᠨ ᠲᠣᠭᠲᠠᠭᠠᠵᠤ᠂ ᠭᠠᠵᠠᠷ | ᠬᠠᠩᠭᠠᠬᠤ ᠭᠠᠷᠳᠠᠮ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠭᠠᠷᠳᠠᠮ ᠢ ᠲᠡᠭᠦᠯᠳᠡᠷᠵᠢᠭᠦᠯᠦᠭᠰᠡᠨ ᠤ ᠳᠠᠷᠠᠭ᠎ᠠ ᠠᠩᠬ᠎ᠠ ᠤᠳᠠᠭ᠎ᠠ ᠳᠠᠩᠰᠠᠯᠠᠬᠤ ᠪᠠ | ᠡᠷᠦᠬᠡ ᠬᠤᠪᠢᠶᠠᠨ ᠳᠠᠩᠰᠠᠯᠠᠬᠤ ᠠᠵᠢᠯ ᠢ ᠭᠦᠢᠴᠡᠳᠬᠡᠨ᠎ᠡ᠃ | ⒏ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ | ᠪᠠᠶᠢᠭᠠᠯᠢ ᠶᠢᠨ ᠡᠬᠢ ᠪᠠᠶᠠᠯᠢᠭ ᠤᠨ ᠪᠠᠶᠢᠭᠤᠯᠭ᠎ᠠ ᠠᠴᠠ ᠤᠷᠢᠳᠠᠪᠠᠷ ᠣᠳᠣᠬᠢ ᠪᠠᠶᠢᠳᠠᠯ ᠢ ᠦᠨᠳᠦᠰᠦᠯᠡᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯ | ᠬᠢᠬᠦ ᠶᠢ ᠵᠥᠪᠰᠢᠶᠡᠷᠡᠭᠰᠡᠨ ᠰᠠᠨᠠᠯ ᠢ ᠭᠠᠷᠭᠠᠵᠤ᠂ ᠪᠠᠷᠢᠬᠤ ᠭᠡᠷ ᠪᠠᠶᠢᠰᠢᠩ ᠤᠨ ᠬᠡᠷᠡᠭᠴᠡᠭᠡ ᠶᠢ ᠲᠣᠳᠣᠷᠬᠠᠶᠢᠯᠠᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ | ᠳᠠᠩᠰᠠᠯᠠᠯ ᠤᠨ ᠲᠥᠪ ᠠᠴᠠ ᠥᠮᠴᠢᠯᠡᠬᠦ ᠡᠷᠬᠡ ᠶᠢᠨ ᠳᠠᠩᠰᠠᠯᠠᠯ ᠤᠨ ᠭᠠᠷᠳᠠᠮ ᠢ ᠭᠦᠢᠴᠡᠳᠬᠡᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠠᠷᠢᠯᠭ᠎ᠠ | ᠳᠠᠭᠤᠰᠤᠭᠰᠠᠨ ᠢ ᠰᠢᠯᠭᠠᠨ ᠬᠤᠷᠢᠶᠠᠬᠤ ᠳᠠᠩᠰᠠᠯᠠᠯ ᠬᠢᠯᠭᠡᠭᠰᠡᠨ ᠦᠭᠡᠢ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠭᠤᠯᠭ᠎ᠠ ᠠᠴᠠ ᠤᠷᠢᠳᠠᠪᠠᠷ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠳᠠᠩᠰᠠᠯᠠᠯ ᠤᠨ ᠰᠠᠨᠠᠯ ᠢ ᠭᠠᠷᠭᠠᠵᠤ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠶᠢᠨ ᠤᠷᠢᠳᠠᠪᠠᠷ ᠳᠡᠩᠰᠡᠯᠡᠨ ᠦᠨᠡᠮᠯᠡᠯ ᠣᠯᠭᠤᠬᠤ ᠶᠢ ᠵᠥᠪᠰᠢᠶᠡᠷᠡᠨ᠂ ᠰᠡᠭᠦᠯᠡᠷ ᠨᠢ ᠭᠡᠷ ᠭᠠᠵᠠᠷ ᠬᠥᠷᠥᠩᠭᠡ | ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠴᠢᠩᠭ᠎ᠠ ᠱᠠᠭᠠᠷᠳᠠᠵᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠳᠠᠩᠰᠠᠯᠠᠯ ᠵᠡᠷᠭᠡ ᠬᠠᠮᠢᠶ᠎ᠠ ᠪᠦᠬᠦᠢ | ᠬᠠᠤᠯᠢ ᠪᠠᠷ ᠲᠣᠭᠲᠠᠭᠠᠭᠰᠠᠨ ᠭᠠᠷᠳᠠᠮ ᠢ ᠲᠡᠭᠦᠯᠳᠡᠷᠵᠢᠭᠦᠯᠦᠨ᠎ᠡ᠃ | ⒐ ᠨᠡᠭᠦᠳᠡᠯ ᠠᠷᠠᠳ ᠤᠨ ᠰᠠᠭᠤᠭᠠᠯᠢ ᠲᠣᠭᠤᠷᠢᠭ ᠲᠤ ᠬᠤᠯᠪᠣᠭᠳᠠᠭᠰᠠᠨ ᠬᠠᠳᠠᠭᠠᠯᠠᠭᠳᠠᠵᠤ ᠪᠠᠶᠢᠭ᠎ᠠ ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠠᠵᠠᠷ ᠰᠢᠷᠣᠢ ᠶᠢᠨ ᠰᠢᠨᠵᠢ ᠴᠢᠨᠠᠷ ᠢ ᠲᠣᠳᠣᠷᠬᠠᠶᠢᠯᠠᠭᠰᠠᠨ ᠤ ᠳᠠᠷᠠᠭ᠎ᠠ | ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠬᠢᠵᠦ᠂ ᠬᠤᠯᠪᠣᠭᠳᠠᠭᠰᠠᠨ ᠬᠠᠮᠲᠤ ᠶᠢᠨ ᠥᠮᠴᠢᠯᠡᠯᠲᠦ ᠭᠠᠵᠠᠷ ᠰᠢᠷᠣᠢ ᠶᠢ ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠵᠥᠪᠰᠢᠶᠡᠷᠡᠨ ᠰᠢᠯᠵᠢᠭᠦᠯᠦᠭᠰᠡᠨ ᠤ ᠳᠠᠷᠠᠭ᠎ᠠ ᠬᠠᠮᠢᠶ᠎ᠠ ᠪᠦᠬᠦᠢ ᠭᠠᠷᠳᠠᠮ ᠢ ᠭᠦᠢᠴᠡᠳᠬᠡᠨ᠎ᠡ᠃ | ⒑ ᠭᠡᠷ ᠬᠤᠳᠠᠯᠳᠤᠨ ᠠᠪᠤᠭᠴᠢ ᠬᠡᠷᠪᠡ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠤᠭᠰᠠᠨ ︽ᠲᠠᠸᠠᠷ ᠤᠨ ᠭᠡᠷ ᠪᠠᠶᠢᠰᠢᠩ | ᠬᠤᠳᠠᠯᠳᠤᠭᠠᠯᠠᠬᠤ ᠭᠡᠷ᠎ᠡ︾ ᠶᠢ ᠬᠠᠩᠭᠠᠵᠤ ᠳᠡᠶᠢᠯᠬᠦ ᠦᠭᠡᠢ ᠪᠣᠯ᠂ ᠭᠡᠷ ᠭᠠᠵᠠᠷ ᠬᠥᠷᠥᠩᠭᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠯᠤᠭ᠎ᠠ ᠲᠣᠭᠲᠠᠭᠠᠭᠰᠠᠨ ︽ | ᠭᠡᠷ ᠪᠠᠶᠢᠰᠢᠩ ᠬᠤᠳᠠᠯᠳᠤᠭᠠᠯᠠᠬᠤ ᠭᠡᠷ᠎ᠡ︾᠂ ︽ᠪᠤᠴᠠᠭᠠᠨ ᠨᠡᠭᠦᠯᠭᠡᠵᠦ ᠲᠥᠪᠬᠢᠨᠡᠭᠦᠯᠬᠦ ᠬᠡᠯᠡᠯᠴᠡᠭᠡᠷ︾᠂ ︽ᠰᠣᠯᠢᠬᠤ ᠬᠡᠯᠡᠯᠴᠡᠭᠡᠷ︾᠂ ︽ᠲᠤᠯᠭᠠᠨ ᠭᠠᠷᠭᠠᠬᠤ | ᠬᠡᠯᠡᠯᠴᠡᠭᠡᠷ︾᠂ ︽ᠠᠷᠠᠳ ᠤᠨ ᠰᠢᠭᠦᠬᠦ ᠬᠤᠷᠢᠶᠠᠨ ᠤ ᠲᠠᠰᠤᠯᠤᠯᠳᠡ ᠶᠢᠨ ᠪᠢᠴᠢᠭ︾᠂ ︽ᠲᠣᠭᠲᠠᠭᠠᠯᠲᠠ ᠶᠢᠨ ᠪᠢᠴᠢᠭ︾ ᠵᠡᠷᠭᠡ ᠬᠤᠳᠠᠯᠳᠤᠭᠠᠯᠠᠬᠤ ᠬᠠᠷᠢᠴᠠᠭ᠎ᠠ | ᠪᠠᠶᠢᠭᠤᠯᠤᠭᠳᠠᠭᠰᠠᠨ ᠢ ᠨᠤᠲᠠᠯᠠᠨ ᠲᠣᠭᠲᠠᠭᠠᠵᠤ ᠳᠡᠶᠢᠯᠬᠦ ᠭᠡᠷ᠎ᠡ ᠪᠤᠶᠤ ᠬᠡᠯᠡᠯᠴᠡᠭᠡᠷ ᠢ ᠠᠪᠴᠤ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠮᠠᠲ᠋ᠧᠷᠢᠶᠠᠯ ᠪᠣᠯᠭᠠᠵᠤ | ᠲᠠᠸᠠᠷ ᠤᠨ ᠭᠡᠷ ᠪᠠᠶᠢᠰᠢᠩ ᠢ ᠰᠢᠯᠵᠢᠭᠦᠯᠬᠦ ᠳᠠᠩᠰᠠᠯᠠᠯ ᠬᠢᠯᠭᠡᠵᠦ ᠪᠣᠯᠣᠨ᠎ᠠ᠃ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ︽ᠲᠠᠸᠠᠷ ᠤᠨ | ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ︾ ᠶᠢ ᠭᠡᠭᠡᠭᠰᠡᠨ ᠪᠣᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠭᠡᠷ᠎ᠡ ᠶᠢ ᠬᠠᠷᠭᠤᠭᠤᠯᠤᠨ ᠪᠠᠶᠢᠴᠠᠭᠠᠭᠰᠠᠨ ᠬᠠᠭᠤᠳᠠᠰᠤ ᠭᠠᠷᠭᠠᠨ ᠥᠭᠴᠦ ᠪᠤᠷᠤᠭᠤ ᠦᠭᠡᠢ ᠪᠠᠶᠢᠬᠤ ᠶᠢ ᠨᠤᠲᠠᠯᠠᠭᠰᠠᠨ ᠤ ᠳᠠᠷᠠᠭ᠎ᠠ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠠᠴᠠ ︽ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠪᠠᠶᠢᠴᠠᠭᠠᠨ ᠯᠠᠪᠯᠠᠬᠤ ᠬᠠᠭᠤᠳᠠᠰᠤ︾ ᠵᠢᠴᠢ | ᠬᠤᠯᠪᠣᠭᠳᠠᠯ ᠪᠦᠬᠦᠢ ᠭᠠᠶᠢᠯᠢ ᠵᠠᠷᠤᠳᠠᠯ ᠲᠤᠰᠢᠶᠠᠭᠰᠠᠨ ᠭᠡᠷᠡᠴᠢ ᠪᠠᠷᠢᠮᠲᠠ ᠶᠢ ᠦᠨᠳᠦᠰᠦᠯᠡᠨ ᠭᠡᠷ ᠪᠠᠶᠢᠰᠢᠩ ᠬᠤᠳᠠᠯᠳᠤᠨ ᠠᠪᠤᠭᠴᠢ ᠳᠤ ᠲᠠᠸᠠᠷ ᠤᠨ ᠭᠡᠷ | ᠪᠠᠶᠢᠰᠢᠩ ᠢ ᠰᠢᠯᠵᠢᠭᠦᠯᠬᠦ ᠳᠠᠩᠰᠠᠯᠠᠯ ᠬᠢᠵᠦ ᠥᠭᠴᠦ ᠪᠣᠯᠣᠨ᠎ᠠ᠃ | ⒒ ᠬᠠᠮᠢᠶ᠎ᠠ ᠪᠦᠬᠦᠢ ᠭᠠᠶᠢᠯᠢ ᠵᠠᠷᠤᠳᠠᠯ ᠢ ᠨᠡᠬᠡᠮᠵᠢᠯᠡᠨ ᠲᠤᠰᠢᠶᠠᠯᠭᠠᠬᠤ ᠳᠤ ᠬᠤᠯᠪᠣᠭᠳᠠᠭᠰᠠᠨ ᠪᠠᠶᠢᠪᠠᠯ᠂ ︽ᠭᠠᠶᠢᠯᠢ ︵ᠵᠠᠷᠤᠳᠠᠯ︶ ᠲᠤᠰᠢᠶᠠᠬᠤ ᠪᠠ | ᠦᠨᠡᠮᠯᠡᠯ ᠣᠯᠭᠤᠬᠤ ᠶᠢ ᠰᠠᠯᠭᠠᠬᠤ᠂ ᠤᠷᠢᠳᠠᠪᠠᠷ ᠦᠨᠡᠮᠯᠡᠯ ᠣᠯᠭᠤᠬᠤ︾ ᠵᠠᠷᠴᠢᠮ ᠢ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢᠨ ᠠᠵᠤ ᠠᠬᠤᠶᠢᠯᠠᠯ ᠨᠢ | ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠮᠥᠩᠭᠦ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠠᠷᠤᠳᠠᠯ᠂ ᠥᠯᠥ ᠬᠥᠳᠡᠯᠬᠦ ᠬᠥᠷᠥᠩᠭᠡ ᠶᠢ | ᠪᠣᠷᠣᠯᠠᠭᠤᠯᠤᠭᠰᠠᠨ ᠨᠡᠮᠡᠭᠳᠡᠯ ᠥᠷᠲᠡᠭ ᠤᠨ ᠭᠠᠶᠢᠯᠢ ᠵᠡᠷᠭᠡ ᠬᠠᠮᠢᠶ᠎ᠠ ᠪᠦᠬᠦᠢ ᠭᠠᠶᠢᠯᠢ ᠵᠠᠷᠤᠳᠠᠯ ᠢ ᠲᠤᠰᠢᠶᠠᠭᠠᠳᠤᠢ ᠪᠠᠶᠢᠪᠠᠯ᠂ ᠬᠠᠮᠢᠶ᠎ᠠ ᠪᠦᠬᠦᠢ ᠪᠠᠶᠢᠭᠤᠯᠭ᠎ᠠ ᠠᠴᠠ | ᠤᠷᠢᠳᠠᠪᠠᠷ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯ ᠬᠢᠬᠦ ᠶᠢ ᠵᠥᠪᠰᠢᠶᠡᠷᠡᠭᠰᠡᠨ ᠰᠠᠨᠠᠯ ᠭᠠᠷᠭᠠᠭᠰᠠᠨ ᠤ ᠳᠠᠷᠠᠭ᠎ᠠ᠂ ᠡᠯ᠎ᠡ ᠭᠦᠢᠴᠡᠳᠬᠡᠬᠦ ᠪᠠᠶᠢᠭᠤᠯᠭ᠎ᠠ | ᠠᠴᠠ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠨ ᠲᠤᠰᠢᠶᠠᠯᠭᠠᠨ᠎ᠠ᠃ | ⒓ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠣᠷᠣᠯᠠᠨ ᠬᠤᠷᠢᠶᠠᠭᠰᠠᠨ ᠭᠡᠷ᠎ᠡ ᠶᠢᠨ ᠭᠠᠶᠢᠯᠢ ᠶᠢ ᠲᠤᠰᠢᠶᠠᠭᠠᠳᠤᠢ᠂ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠦᠷᠭᠦᠯᠵᠢᠯᠡᠨ ᠡᠵᠡᠩᠨᠡᠯᠲᠡ ᠬᠢᠵᠦ ᠪᠠᠶᠢᠪᠠᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ | ᠠᠬᠤᠶᠢᠯᠠᠯ ᠤᠨ ᠣᠷᠣᠯᠠᠨ ᠬᠤᠷᠢᠶᠠᠭᠰᠠᠨ ᠭᠡᠷ᠎ᠡ ᠶᠢᠨ ᠭᠠᠶᠢᠯᠢ ᠶᠢ ᠪᠤᠴᠠᠭᠠᠬᠤ ᠶᠢ ᠱᠠᠭᠠᠷᠳᠠᠵᠤ᠂ ᠭᠡᠷ ᠬᠤᠳᠠᠯᠳᠤᠨ ᠠᠪᠤᠭᠴᠢ ᠨᠢ ᠭᠡᠷ᠎ᠡ ᠶᠢᠨ ᠭᠠᠶᠢᠯᠢ ᠶᠢ ᠴᠠᠭ | ᠲᠤᠬᠠᠢ ᠳᠤᠨᠢ ᠲᠤᠰᠢᠶᠠᠨ᠎ᠠ᠃ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠦᠷᠭᠦᠯᠵᠢᠯᠡᠨ ᠡᠵᠡᠩᠨᠡᠯᠲᠡ ᠬᠢᠵᠦ ᠪᠠᠶᠢᠭ᠎ᠠ ᠪᠠᠶᠢᠭ᠎ᠠ ᠪᠣᠯᠪᠠᠴᠤ ᠣᠬᠤᠷᠬᠠᠨ | ᠬᠤᠭᠤᠴᠠᠭᠠᠨ ᠳᠤ ᠦᠨᠡᠨᠬᠦ ᠪᠤᠴᠠᠭᠠᠵᠤ ᠳᠡᠶᠢᠯᠬᠦ ᠦᠭᠡᠢ ᠪᠣᠯ᠂ ᠠᠵᠤ ᠠᠬᠤᠶᠢᠯᠠᠯ ᠠᠴᠠ ᠬᠤᠭᠤᠴᠠᠭ᠎ᠠ ᠬᠢᠵᠠᠭᠠᠷᠯᠠᠨ ᠲᠤᠰᠢᠶᠠᠬᠤ ᠠᠮᠠᠯᠠᠯᠲᠠ ᠬᠢᠵᠦ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠮᠠᠭᠠᠳᠯᠠᠭᠤᠯᠬᠤ ᠶᠢᠨ ᠬᠠᠮᠲᠤ ᠨᠡᠬᠡᠮᠵᠢᠯᠡᠨ ᠲᠤᠰᠢᠶᠠᠯᠭᠠᠬᠤ ᠠᠮᠠᠯᠠᠯᠲᠠ ᠶᠢᠨ ᠪᠢᠴᠢᠭ ᠭᠠᠷᠭᠠᠨ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠠᠴᠠ ᠡᠷᠦᠬᠡ ᠬᠤᠪᠢᠶᠠᠨ ᠳᠠᠩᠰᠠᠯᠠᠬᠤ ᠪᠤᠶᠤ ᠭᠡᠷ ᠬᠤᠳᠠᠯᠳᠤᠨ ᠠᠪᠤᠭᠴᠢ ᠶᠢ ᠬᠥᠲᠥᠯᠥᠨ ᠵᠢᠯᠤᠭᠤᠳᠴᠤ | ᠰᠢᠭᠦᠬᠦ ᠬᠤᠷᠢᠶ᠎ᠠ ᠶᠢᠨ ᠲᠠᠰᠤᠯᠤᠯᠲᠠ ᠶᠢ ᠦᠨᠳᠦᠰᠦᠯᠡᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ﹇2015﹈ 67 ᠳ᠋ᠤᠭᠠᠷ ᠲᠣᠭᠠᠲᠤ | ᠠᠯᠪᠠᠨ ᠵᠠᠷᠯᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠬᠠᠤᠯᠢ ᠴᠠᠭᠠᠵᠠ ᠶᠢᠨ ᠠᠯᠬᠤᠮ ᠳᠠᠷᠠᠭᠠᠯᠠᠯ ᠢᠶᠠᠷ ᠰᠢᠢᠳᠪᠦᠷᠢᠯᠡᠬᠦᠯᠦᠨ᠎ᠡ᠃ ᠭᠡᠷ | ᠪᠠᠶᠢᠰᠢᠩ ᠬᠤᠳᠠᠯᠳᠤᠨ ᠠᠪᠤᠭᠴᠢ ᠯᠤᠭ᠎ᠠ ᠬᠠᠮᠢᠶ᠎ᠠ ᠦᠭᠡᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠲᠤᠰᠢᠶᠠᠭᠠᠳᠤᠢ ᠨᠡᠮᠡᠭᠳᠡᠯ ᠥᠷᠲᠡᠭ ᠤᠨ ᠭᠠᠶᠢᠯᠢ᠂ ᠭᠠᠵᠠᠷ | ᠰᠢᠷᠣᠢ ᠶᠢᠨ ᠨᠡᠮᠡᠭᠳᠡᠯ ᠥᠷᠲᠡᠭ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠵᠡᠷᠭᠡ ᠭᠠᠶᠢᠯᠢ ᠵᠢᠴᠢ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠶᠢ ᠭᠡᠷ ᠪᠠᠶᠢᠰᠢᠩ ᠬᠤᠳᠠᠯᠳᠤᠨ ᠠᠪᠤᠭᠴᠢ ᠶᠢᠨ ᠦᠨᠡᠮᠯᠡᠯ ᠭᠦᠢᠴᠡᠳᠬᠡᠬᠦ ᠯᠦᠭᠡ ᠬᠤᠯᠪᠣᠭᠳᠠᠭᠤᠯᠵᠤ ᠪᠣᠯᠬᠤ ᠦᠭᠡᠢ᠃ ᠡᠭᠦᠨ ᠤ ᠬᠠᠮᠲᠤ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠥᠷᠢᠲᠦᠭᠰᠡᠨ ᠬᠤᠯᠪᠣᠭᠳᠠᠯ ᠪᠦᠬᠦᠢ ᠭᠠᠶᠢᠯᠢ ᠶᠢ ᠦᠷᠭᠦᠯᠵᠢᠯᠡᠨ | ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠨ᠎ᠠ᠃ | ︵ᠳᠥᠷᠪᠡ︶ ᠳᠦᠷᠢᠮ ᠢ ᠲᠡᠭᠦᠯᠳᠡᠷᠵᠢᠭᠦᠯᠵᠦ᠂ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ | ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠷᠭᠦᠯᠵᠢᠯᠡᠨ ᠬᠡᠷᠡᠭᠯᠡᠭᠰᠡᠨ ᠰᠠᠭᠤᠷᠢᠨ ᠳᠡᠭᠡᠷ᠎ᠡ᠂ ᠲᠤᠯᠭᠠᠷᠠᠭᠰᠠᠨ ᠬᠦᠴᠢᠷ ᠠᠰᠠᠭᠤᠳᠠᠯ | ᠵᠢᠴᠢ ᠤᠤᠯ ᠤᠨ ᠲᠥᠷᠥ ᠶᠢᠨ ᠪᠣᠳᠣᠯᠭ᠎ᠠ ᠶᠢᠨ ᠪᠦᠷᠢᠨ ᠪᠤᠰᠤ ᠪᠠᠶᠢᠳᠠᠯ ᠲᠠᠢ ᠤᠶᠠᠯᠳᠤᠭᠤᠯᠤᠨ᠂ ᠰᠠᠶᠢᠲᠤᠷ ᠰᠤᠳᠤᠯᠤᠨ ᠮᠠᠭᠠᠳᠯᠠᠵᠤ ᠵᠠᠳᠠᠯᠤᠨ᠂ ᠴᠠᠭ ᠲᠤᠨᠢ | ᠲᠣᠬᠢᠷᠠᠭᠤᠯᠤᠨ ᠲᠥᠷᠥ ᠶᠢᠨ ᠪᠣᠳᠣᠯᠭ᠎ᠠ ᠨᠡᠶᠢᠲᠡᠯᠡᠵᠦ᠂ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ ᠠᠰᠠᠭᠤᠳᠠᠯ ᠢ | ᠰᠢᠢᠳᠪᠦᠷᠢᠯᠡᠬᠦ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃ | ᠲᠠᠪᠤ᠂ ᠠᠵᠢᠯᠯᠠᠭᠠᠨ ᠤ ᠠᠯᠬᠤᠮ ᠳᠠᠷᠠᠭ᠎ᠠ | ︵ᠨᠢᠭᠡ︶ ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠲᠤ ︵5 ᠳ᠋ᠤᠭᠠᠷ ᠰᠠᠷ᠎ᠠ ︱ 6 ᠳ᠋ᠤᠭᠠᠷ ᠰᠠᠷ᠎ᠠ︶᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ ᠠᠴᠠ ᠪᠠᠭᠤᠯᠭᠠᠭᠰᠠᠨ ᠮᠠᠨ ᠤ ᠬᠤᠰᠢᠭᠤᠨ ᠳᠤ ᠬᠤᠯᠪᠣᠭᠳᠠᠭᠰᠠᠨ 2 ᠲᠥᠷᠥᠯ | ᠵᠦᠢᠯ ᠤᠨ 139 ᠭᠡᠷ ᠪᠠᠶᠢᠰᠢᠩ ᠳᠤ ᠥᠮᠴᠢᠯᠡᠬᠦ ᠡᠷᠬᠡ ᠶᠢᠨ ᠳᠠᠩᠰᠠᠯᠠᠯ ᠬᠢᠭᠡᠳᠦᠢ ᠠᠰᠠᠭᠤᠳᠠᠯ ᠳᠤ ᠴᠢᠭᠯᠡᠭᠦᠯᠦᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠢᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠥᠪᠯᠡᠷᠡᠭᠦᠯᠦᠨ ᠪᠣᠭᠤᠮᠲᠠ ᠰᠢᠪᠲᠤᠯᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠡᠷ ᠪᠠᠶᠢᠰᠢᠩ ᠢ ᠡᠷᠦᠬᠡ | ᠬᠤᠪᠢᠶᠠᠨ ᠳᠠᠩᠰᠠᠯᠠᠬᠤ ᠪᠠᠷ ᠭᠤᠶᠤᠴᠢᠯᠠᠬᠤ ᠬᠦᠰᠡᠯ ᠲᠠᠢ ᠣᠯᠠᠨ ᠲᠦᠮᠡᠨ ᠤ ᠤᠴᠢᠷ ᠶᠠᠪᠤᠳᠠᠯ ᠢ ᠴᠠᠭ ᠲᠤᠬᠠᠢ ᠳᠤᠨᠢ ᠪᠡᠶᠡᠯᠡᠭᠦᠯᠦᠨ᠎ᠡ᠃ | ︵ᠬᠤᠶᠠᠷ︶ ᠴᠢᠩᠭᠠᠷᠠᠭᠤᠯᠤᠨ ᠠᠬᠢᠭᠤᠯᠬᠤ ᠱᠠᠲᠤ ︵7 ᠳ᠋ᠤᠭᠠᠷ ᠰᠠᠷ᠎ᠠ ︱ 10 ᠳ᠋ᠤᠭᠠᠷ ᠰᠠᠷ᠎ᠠ︶᠃ ᠬᠤᠰᠢᠭᠤᠨ ᠤ ᠣᠯᠠᠨ ᠲᠦᠮᠡᠨ ᠤ ᠣᠷᠣᠨ | ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯᠯᠠᠬᠤ | ᠳᠤᠭᠤᠶᠢᠯᠠᠩ ︵ᠳᠣᠷᠣᠭᠰᠢ ᠠᠵᠢᠯᠯᠠᠬᠤ ᠳᠤᠭᠤᠶᠢᠯᠠᠩ ᠭᠡᠵᠦ ᠳᠥᠭᠦᠮᠴᠢᠯᠡᠨ᠎ᠡ︶ ᠠᠴᠠ ᠡᠬᠡ ᠲᠠᠩᠰᠠᠨ ᠳᠠᠬᠢ ᠲᠥᠷᠥᠯ ᠵᠦᠢᠯ ᠢ ᠨᠠᠷᠢᠯᠢᠭᠵᠢᠭᠤᠯᠤᠨ ᠵᠠᠳᠠᠯᠵᠤ | ᠰᠤᠳᠤᠯᠤᠨ᠂ ᠰᠢᠢᠳᠪᠦᠷᠢᠯᠡᠵᠦ ᠪᠣᠯᠬᠤ ᠲᠥᠷᠥᠯ ᠵᠦᠢᠯ ᠢ ᠪᠦᠯᠦᠭ ᠬᠤᠪᠢᠶᠠᠨ ︽ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ︾ ᠳᠤ | ᠣᠷᠣᠭᠤᠯᠵᠤ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠦᠨᠡᠮᠯᠡᠯ ᠬᠢᠯᠭᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠪᠠᠶᠢᠩᠭᠤ ᠵᠠᠰᠠᠬᠤ ᠱᠠᠲᠤ ︵11 ᠳ᠋ᠦ᠋ᠭᠡᠷ ᠰᠠᠷ᠎ᠠ ᠵᠢᠴᠢ ᠲᠡᠭᠦᠨ ᠠᠴᠠ ᠬᠤᠶᠢᠰᠢ︶᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ | ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠬᠡᠪᠰᠢᠭᠰᠡᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ | ᠳᠠᠩᠰᠠᠯᠠᠬᠤ ᠪᠠᠶᠢᠭᠤᠯᠤᠮᠵᠢ ᠤᠷᠢᠳᠴᠢᠯᠠᠨ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠡᠷ ᠭᠠᠵᠠᠷ ᠬᠥᠷᠥᠩᠭᠡ ᠶᠢᠨ ᠲᠥᠷᠥᠯ ᠵᠦᠢᠯ ᠤᠨ ︽ᠭᠡᠷ ᠪᠠᠶᠢᠰᠢᠩ | ᠲᠤᠰᠢᠶᠠᠬᠤ ᠳᠤ ᠦᠨᠡᠮᠯᠡᠯ ᠢ ᠴᠤ ᠥᠭᠬᠦ︾ ᠶᠢ ᠠᠬᠢᠭᠤᠯᠵᠤ᠂ ᠦᠨᠡᠮᠯᠡᠯ ᠬᠢᠯᠭᠡᠬᠦ ᠳᠤ ᠬᠦᠴᠢᠷᠲᠡᠢ ᠰᠢᠨ᠎ᠡ ᠠᠰᠠᠭᠤᠳᠠᠯ ᠡᠭᠦᠰᠬᠦ ᠶᠢ ᠡᠬᠢ ᠦᠨᠳᠦᠰᠦ ᠠᠴᠠ ᠨᠢ | ᠬᠤᠷᠢᠭᠯᠠᠨ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠣᠯ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠠᠮᠢᠶ᠎ᠠ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠨ᠂ ᠬᠠᠮᠢᠶ᠎ᠠ ᠪᠦᠬᠦᠢ | ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠦᠨᠡᠮᠯᠡᠯ ᠬᠢᠯᠭᠡᠬᠦ ᠳᠤ ᠬᠦᠴᠢᠷᠲᠡᠢ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠤᠳᠤᠷᠢᠳᠬᠤ ᠺᠠᠳ᠋ᠷ ᠪᠣᠯᠣᠨ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠳᠠᠭᠠᠭᠠᠴᠢᠯᠠᠵᠤ ᠬᠠᠷᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠦᠨᠡᠮᠯᠡᠯ ᠬᠢᠯᠭᠡᠬᠦ ᠳᠤ | ᠬᠦᠴᠢᠷᠲᠡᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ︵ᠬᠤᠶᠠᠷ︶ ᠲᠣᠬᠢᠷᠠᠭᠤᠯᠤᠨ ᠠᠬᠢᠭᠤᠯᠬᠤ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠭᠰᠠᠨ ᠢ ᠨᠠᠷᠢᠨ ᠲᠠᠩᠰᠠ ᠠᠴᠠ ᠭᠠᠷᠭᠠᠬᠤ ᠳᠦᠷᠢᠮ ᠢ ᠲᠣᠭᠲᠠᠭᠠᠨ᠂ ᠴᠢᠬᠤᠯᠠ ᠶᠡᠭᠡ ᠠᠰᠠᠭᠤᠳᠠᠯ ᠵᠢᠴᠢ | ᠴᠢᠬᠤᠯᠠ ᠶᠡᠭᠡ ᠬᠡᠷᠡᠭ ᠢ ᠰᠤᠳᠤᠯᠤᠨ ᠮᠠᠭᠠᠳᠯᠠᠬᠤ᠂ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠯᠭᠡᠬᠦ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠬᠦ ᠪᠠ | ᠵᠥᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠨ᠎ᠡ᠃ ᠬᠠᠮᠢᠶ᠎ᠠ ᠪᠦᠬᠦᠢ ᠪᠠᠶᠢᠭᠤᠯᠭ᠎ᠠ ᠠᠴᠠ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠳᠤ ᠠᠵᠢᠯ ᠤᠨ | ᠬᠤᠭᠤᠴᠠᠭ᠎ᠠ ᠶᠢ ᠣᠬᠤᠷᠳᠠᠭᠤᠯᠤᠨ᠂ ᠴᠠᠭ ᠤᠨ ᠬᠤᠪᠢᠶᠠᠷᠢ᠂ ᠠᠵᠢᠯᠯᠠᠬᠤ ᠶᠠᠪᠤᠴᠠ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠪᠣᠳᠠᠲᠤ ᠪᠦᠲᠦᠮᠵᠢ | ᠣᠯᠬᠤ ᠶᠢ ᠪᠠᠲᠤᠯᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ ᠠᠵᠢᠯᠯᠠᠬᠤ | ᠳᠤᠭᠤᠶᠢᠯᠠᠩ ᠳᠤ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠠᠵᠢᠯᠯᠠᠬᠤ ᠳᠤᠭᠤᠶᠢᠯᠠᠩ ᠨᠢ ᠱᠠᠭᠠᠷᠳᠠᠯᠭ᠎ᠠ ᠶᠣᠰᠣᠭᠠᠷ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ᠎ᠡ᠃ | ︵ᠭᠤᠷᠪᠠ︶ ᠴᠢᠩᠭ᠎ᠠ ᠬᠢᠨᠠᠯᠲᠠ ᠲᠠᠯᠪᠢᠵᠤ ᠪᠠᠶᠢᠴᠠᠭᠠᠨ᠎ᠠ᠃ ᠠᠵᠢᠯᠯᠠᠬᠤ ᠳᠤᠭᠤᠶᠢᠯᠠᠩ ᠤᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠪᠠ ᠫᠠᠶᠢᠰᠠ | ᠡᠯᠭᠦᠨ ᠱᠠᠯᠠᠪᠳᠠᠭᠤᠯᠤᠨ ᠭᠦᠢᠴᠡᠳᠬᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠰᠡᠨ ᠦᠭᠡᠢ᠂ | ᠴᠡᠭᠴᠡᠯᠡᠨ ᠵᠠᠰᠠᠬᠤ ᠶᠠᠪᠤᠴᠠ ᠳᠤ ᠠᠵᠢᠯ ᠢᠶᠠᠨ ᠪᠣᠳᠠᠲᠠᠢ ᠠᠬᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠢᠯᠡᠷᠬᠡᠢ ᠪᠤᠰᠤ | ᠪᠠᠶᠢᠭᠤᠯᠭ᠎ᠠ ᠶᠢᠨ ᠭᠤᠣᠯ ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠃ ᠠᠵᠢᠯ ᠤᠨ ᠦᠷ᠎ᠡ ᠪᠦᠲᠦᠮᠵᠢ ᠨᠢ ᠢᠯᠡᠷᠬᠡᠢ ᠪᠢᠰᠢ᠂ ᠠᠬᠢᠴᠠ ᠨᠢ ᠤᠳᠠᠭᠠᠨ ᠪᠠᠶᠢᠪᠠᠯ᠂ ︽ | ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ︾ ᠢ ᠢᠳᠡᠪᠬᠢᠲᠡᠢ ᠠᠰᠢᠭᠯᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠠᠵᠢᠯ ᠤᠨ ᠳᠤᠮᠳᠠ ᠬᠠᠰᠢ ᠶᠠᠰᠢ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠬᠠᠷᠢᠭᠤᠴᠠᠯᠭ᠎ᠠ ᠪᠠᠨ ᠠᠯᠳᠠᠵᠤ | ᠲᠤᠰᠢᠶᠠᠯ ᠢᠶᠠᠨ ᠭᠤᠲᠤᠭᠠᠭᠰᠠᠨ ᠪᠠᠶᠢᠳᠠᠯ ᠣᠷᠣᠰᠢᠵᠤ ᠪᠠᠶᠢᠪᠠᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ | ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠭᠦᠯᠦᠨ᠎ᠡ᠃ | ︵ᠳᠥᠷᠪᠡ︶ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠣᠯᠠᠨ ᠲᠦᠮᠡᠨ ᠤ ᠠᠮᠠᠷᠬᠠᠨ ᠬᠦᠯᠢᠶᠡᠵᠦ ᠠᠪᠬᠤ᠂ ᠳᠥᠭᠦᠮ | ᠣᠶᠢᠯᠠᠭᠠᠮᠵᠢᠲᠠᠢ ᠦᠭᠡ ᠬᠡᠯᠡ ᠪᠠᠷ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠲᠠᠶᠢᠯᠪᠤᠷᠢᠯᠠᠨ᠂ | ᠶᠠᠷᠢᠶ᠎ᠠ ᠬᠡᠯᠡᠯᠴᠡᠭᠡᠨ ᠤ ᠬᠠᠯᠠᠮᠰᠢᠯ ᠢ ᠰᠠᠨᠠᠭᠠᠴᠢᠯᠠᠭ᠎ᠠ ᠠᠴᠠ ᠪᠠᠨ ᠤᠬᠠᠭᠤᠯᠬᠤ ᠦᠭᠡᠢ᠂ ᠡᠭᠦᠰᠬᠡᠬᠦ ᠦᠭᠡᠢ ᠪᠠᠶᠢᠵᠦ᠂ ᠴᠠᠭ ᠪᠠ ᠣᠶᠤᠨ ᠴᠢᠳᠠᠯ ᠢᠶᠠᠨ ᠲᠤᠰᠬᠠᠢ | ᠴᠡᠭᠴᠡᠯᠡᠨ ᠵᠠᠰᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠵᠠᠷᠤᠴᠠᠭᠤᠯᠤᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ | ᠠᠩᠬᠠᠷᠴᠤ᠂ ᠨᠠᠵᠠᠭᠠᠢ ᠲᠠᠯ᠎ᠠ ᠶᠢᠨ ᠶᠡᠬᠡᠪᠡᠷ ᠤᠬᠠᠭᠤᠯᠬᠤ ᠶᠢ ᠰᠡᠷᠭᠡᠶᠢᠯᠡᠨ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠬᠠᠮᠲᠤᠪᠠᠷ ᠪᠤᠢ ᠪᠣᠯᠭᠠᠨ᠎ᠠ᠃ | | ᠳᠠᠭᠠᠯᠳᠤᠭᠤᠯᠤᠯ᠄ ᠣᠲᠤᠭ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠤᠨ ᠨᠡᠷᠡᠰ | | | ᠳᠠᠭᠠᠯᠳᠤᠭᠤᠯᠤᠯ᠄ | ᠣᠲᠤᠭ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠤᠨ ᠨᠡᠷᠡᠰ | | ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠣᠯᠠᠨ ᠲᠦᠮᠡᠨ ᠤ ᠣᠷᠣᠨ | ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯᠯᠠᠬᠤ | ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠣᠳᠠᠲᠠᠢ ᠠᠵᠢᠯᠲᠠᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠰᠤ᠋ ᡁᠢ ᠰᠢᠶᠦ᠋ᠩ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠢᠦᠢ ᠷᠦᠢ ᠹᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ | ᠭᠦᠸᠧ ᠵᠣᠣ ᠬᠤᠶ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠨᠠᠰᠤᠨᠳᠡᠯᠭᠡᠷ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠱᠢ ᠢ ᠯᠧᠢ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠪᠦᠷᠢᠯᠳᠦᠭᠦᠨ᠄ ᠬᠤᠸ ᠰᠢᠶᠠᠩ ᠯᠦᠩ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠯᠢᠶᠠᠩ ᠬᠠᠢ ᠷᠦᠩ ᠬᠤᠰᠢᠭᠤᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ | ᠯᠢ ᠴᠢᠶᠠᠩ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ | ᠰᠦᠩ ᠮᠢᠩ ᠹᠧᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ | ᠶᠤᠸᠠᠢ ᠽᠤ᠋ ᠫᠧᠩ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠳᠠᠷᠤᠭ᠎ᠠ | ᠵᠠᠩ ᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ | ᠵᠧᠩ ᠱᠢ ᠯᠢ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ | ᠱᠠᠠ ᠤᠯᠠᠭᠠᠨᠴᠡᠴᠡᠭ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠵᠠᠩ ᡁᠢ ᠬᠤᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ | ᠹᠠᠩ ᠵᠢᠶᠠᠨ ᠶᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ | ᠳ᠋ᠢ ᠵᠢᠶᠦ᠋ᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠸᠠᠩ ᠵᠢᠶᠠᠨ ᠳ᠋ᠦᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠳᠠᠷᠤᠭ᠎ᠠ | ᠸᠠᠩ ᠵᠣᠣ ᠷᠦᠩ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠡᠷᠬᠢᠯᠡᠭᠴᠢ | ᠸᠠᠩ ᠷᠦᠢ ᠴᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠤᠨ ᠲᠥᠪ ᠤᠨ ᠡᠷᠬᠢᠯᠡᠭᠴᠢ | ᠾᠧ ᠯᠧᠢ ᠤᠯᠠᠭᠠᠨᠪᠠᠯᠭᠠᠰᠤᠨ ᠤ ᠳᠠᠷᠤᠭ᠎ᠠ | ᠣᠶᠤᠨᠲᠤ ᠴᠢ ᠫᠠᠨ ᠵᠢᠩ ᠪᠠᠯᠭᠠᠰᠤᠨ ᠤ ᠳᠠᠷᠤᠭ᠎ᠠ | ᠬᠡᠰᠢᠭᠪᠡᠲᠤ ᠦᠮᠡᠬᠡᠶᠢᠨᠠᠭᠤᠷ ᠪᠠᠯᠭᠠᠰᠤᠨ ᠤ ᠳᠠᠷᠤᠭ᠎ᠠ | ᠵᠠᠩ ᠶᠸᠦ ᠮᠢᠩ ᠮᠧᠩ ᠰᠢ ᠪᠠᠯᠭᠠᠰᠤᠨ ᠤ ᠳᠠᠷᠤᠭ᠎ᠠ | ᠵᠠᠩ ᠶᠠᠨ ᠰᠢᠨ ᠠᠷᠪᠠᠰ ᠰᠤᠮᠤᠨ ᠤ ᠳᠠᠷᠤᠭ᠎ᠠ | ᠯᠢ ᠬᠤᠢ ᠰᠦᠮᠡᠲᠦ ᠰᠤᠮᠤᠨ ᠤ ᠳᠠᠷᠤᠭ᠎ᠠ | ᠮᠠᠰᠢᠪᠢᠯᠢᠭ᠌ ᠬᠤᠰᠢᠭᠤᠨ ᠤ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ | ᠭᠦᠸᠧ ᠵᠢᠶᠠᠨ ᠭᠤᠸᠠᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠤᠲᠠ ᠶᠢᠨ ᠪᠡᠯᠡ | ᠣᠷᠣᠭᠤᠯᠤᠯᠲᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ | ᠠᠵᠢᠯᠯᠠᠬᠤ ᠳᠤᠭᠤᠶᠢᠯᠠᠩ ᠨᠢ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠠᠵᠢᠯ ᠢ | ᠶᠡᠷᠦᠩᠬᠡᠶᠢᠯᠡᠨ ᠬᠠᠷᠢᠭᠤᠴᠠᠵᠤ᠂ ᠳᠣᠣᠷ᠎ᠠ ᠨᠢ ᠠᠯᠪᠠᠨ ᠭᠡᠷ ᠭᠠᠷᠭᠠᠨ᠂ ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ | ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠰᠥᠩ ᠮᠢᠩ ᠹᠧᠩ | ᠨᠥᠬᠦᠷ ᠬᠠᠪᠰᠤᠷᠭᠠᠨ ᠬᠠᠷᠢᠭᠤᠴᠠᠨ᠎ᠠ᠃ ᠠᠯᠪᠠᠨ ᠭᠡᠷ ᠨᠢ ᠡᠳᠦᠷ ᠲᠤᠲᠤᠮ ᠤᠨ ᠤᠴᠢᠷ ᠶᠠᠪᠤᠳᠠᠯ ᠢ ᠬᠠᠷᠢᠭᠤᠴᠠᠵᠤ᠂ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ | ᠬᠦᠴᠢᠷᠳᠡᠯ ᠪᠣᠯᠣᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ᠠᠵᠢᠯᠯᠠᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ | ᠬᠤᠷᠠᠯ ᠬᠤᠷᠠᠯᠳᠤᠭᠤᠯᠵᠤ᠂ ᠠᠬᠢᠴᠠ ᠶᠢᠨ ᠪᠠᠶᠢᠳᠠᠯ ᠢᠶᠠᠨ ᠮᠡᠳᠡᠭᠳᠡᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠠᠷᠠᠭᠠᠴᠢ ᠶᠢᠨ ᠠᠵᠢᠯ ᠤᠨ ᠰᠡᠳᠬᠢᠮᠵᠢ ᠪᠠᠨ | ᠰᠤᠳᠤᠯᠤᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠶᠢᠨ ᠠᠩᠬ᠎ᠠ ᠤᠳᠠᠭ᠎ᠠ ᠳᠠᠩᠰᠠᠯᠠᠬᠤ ᠪᠠ ᠡᠷᠦᠬᠡ ᠬᠤᠪᠢᠶᠠᠨ ᠳᠠᠩᠰᠠᠯᠠᠬᠤ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | | | | | | | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ/ᠲᠠᠶᠢᠯᠤᠮᠵᠢ᠄ ᠣᠲᠤᠭ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠬᠢᠯᠭᠡᠬᠦ ᠳᠤ ᠬᠦᠴᠢᠷᠲᠡᠢ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ | | |