1—4 ᠳ᠋ᠦ᠋ᠭᠡᠷ ᠰᠠᠷ᠎ᠠ ᠬᠦᠷᠲᠡᠯᠡᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/5/27
      1—4 ᠳ᠋ᠦ᠋ᠭᠡᠷ ᠰᠠᠷ᠎ᠠ ᠬᠦᠷᠲᠡᠯᠡᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ             2024 ᠣᠨ ᠤ 1 ︱ 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ 70 ︵7 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠪᠠᠭᠲᠠᠨ᠎ᠠ︶ ᠪᠠᠶᠢᠵᠤ᠂ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 31.7% ᠪᠠᠷ ᠪᠠᠭᠤᠷᠠᠪᠠ᠃       ᠭᠤᠷᠪᠠᠨ ᠶᠡᠭᠡ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠶᠢᠨ ᠲᠠᠯ᠎ᠠ ᠪᠠᠷ ᠨᠢᠭᠡ ᠨᠢ ᠨᠡᠮᠡᠭᠳᠡᠵᠦ ᠬᠤᠶᠠᠷ ᠨᠢ ᠪᠠᠭᠤᠷᠠᠪᠠ᠃ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.7% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.8% ᠪᠠᠷ ᠪᠠᠭᠤᠷᠠᠪᠠ᠃ ᠨᠢᠭᠡᠳᠦᠭᠡᠷ ᠠᠵᠤ ᠦᠢᠯᠡᠰ ᠦᠭᠡᠢ ᠪᠠᠶᠢᠭᠰᠠᠨ ᠠᠴᠠ ᠪᠠᠨ ᠪᠠᠶᠢᠬᠤ ᠪᠣᠯᠤᠭᠰᠠᠨ ᠬᠤᠶᠠᠷ ᠣᠷᠣᠨᠲᠤ ᠲᠤᠭ᠎ᠠ ᠶᠢᠨ ᠪᠦᠲᠦᠮᠵᠢᠲᠡᠶ ᠨᠡᠮᠡᠭᠳᠡᠯ ᠢ ᠪᠡᠶᠡᠯᠡᠭᠦᠯᠪᠡ᠃      ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠲᠣᠭᠲᠠᠭᠤᠨ ᠢ ᠪᠠᠲᠤᠯᠠᠪᠠ᠃ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 20% ᠪᠠᠷ ᠨᠡᠮᠡᠭᠳᠡᠪᠡ᠂ ᠡᠭᠦᠨ ᠳᠤ᠂ ᠨᠡᠯᠢᠶᠡᠳ ᠲᠣᠪᠣᠶᠢᠮ᠎ᠠ ᠠᠵᠢᠯ ᠲᠥᠷᠥᠯ ᠭᠡᠪᠡᠯ᠄ ᠴᠢᠯᠠᠭᠤᠨ ᠲᠣᠰᠣ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠠᠵᠤ ᠦᠢᠯᠡᠳᠪᠦᠷᠢ᠂ ᠠᠳᠠᠯᠢ ᠬᠤᠭᠤᠴᠠᠭᠠᠨ ᠤ ᠬᠢ ᠠᠴᠠ 10.3 ᠳᠠᠬᠢᠨ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠨᠡᠮᠡᠭᠳᠡᠪᠡ᠃ ᠦᠢᠯᠡᠳᠬᠦ ᠦᠢᠯᠡᠰ ᠲᠦᠷᠦᠭᠦᠦ ᠨᠢᠭᠡ ᠤᠯᠠᠷᠢᠯ ᠤᠨ ᠨᠡᠮᠡᠭᠳᠡᠯ ᠤᠨ ᠰᠠᠶᠢᠨ ᠬᠠᠨᠳᠤᠰᠢ ᠪᠠᠨ ᠪᠠᠲᠤᠯᠠᠵᠤ᠂ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠵᠠᠩᠭᠢᠯᠠᠭ᠎ᠠ ᠶᠢᠨ ᠦᠢᠯᠡᠳᠦᠯ  ᠦᠵᠡᠭᠦᠯᠪᠡ᠃       ᠠᠷᠠᠳ ᠤᠨ ᠪᠡᠯᠡ ᠣᠷᠣᠭᠤᠯᠤᠯᠲᠠ ᠡᠶᠡᠷᠭᠦ ᠨᠡᠮᠡᠭᠳᠡᠯ ᠢ ᠪᠡᠶᠡᠯᠡᠭᠦᠯᠪᠡ᠃ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠵᠦ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 82.9% ᠶᠢ ᠡᠵᠡᠯᠡᠪᠡ᠃ ᠡᠭᠦᠨ ᠳᠤ᠂ ᠠᠷᠠᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠨᠡᠮᠡᠭᠳᠡᠪᠡ᠃ ᠠᠷᠠᠳ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠢᠶᠠᠷ ᠳᠡᠭᠡᠭᠰᠢᠯᠡᠵᠦ᠂ ᠳᠠᠯᠳᠠ ᠬᠦᠴᠦᠨ ᠢᠶᠠᠨ ᠦᠷᠭᠦᠯᠵᠢᠯᠡᠨ ᠪᠠᠳᠠᠷᠠᠭᠤᠯᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ