ᠭᠤᠸ ᠬᠤᠸᠠᠢ ᠵᠢᠩ ᠴᠢ ᠫᠠᠨ ᠵᠢᠩ ᠪᠠᠯᠭᠠᠰᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/29
      5 ᠳ᠋ᠤᠭᠠᠷ ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠴᠢ ᠫᠠᠨ ᠵᠢᠩ ᠪᠠᠯᠭᠠᠰᠤᠨ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠬᠤᠢ ᠲᠠᠯᠠᠪᠠᠢ ᠳᠤ ᠠᠯᠪᠠᠯᠠᠬᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠤ ᠬᠤᠶ ᠣᠷᠣᠯᠴᠠᠪᠠ᠃
1.jpg
      ᠭᠤᠤ ᠬᠤᠸᠠᠢ ᠵᠢᠩ ᠡᠷᠬᠡᠲᠦ ᠭᠠᠴᠠᠭᠠᠨ ᠤ ᠲᠡᠵᠢᠭᠡᠨ ᠦᠷᠡᠵᠢᠭᠦᠯᠬᠦ ᠲᠣᠮᠣ ᠡᠷᠦᠬᠡ ᠭᠸᠡᠭ ᠵᠦᠩ ᠱᠧᠩ ᠤᠨ ᠬᠢᠨ ᠳᠤ ᠬᠦᠷᠴᠦ᠂ ᠠᠷᠪᠠᠰ ᠤᠨ ᠨᠤᠤᠯᠤᠭᠤᠷ ᠤᠨ ᠢᠮᠠᠭ᠎ᠠ ᠲᠡᠵᠢᠭᠡᠨ ᠦᠷᠡᠵᠢᠭᠦᠯᠬᠦ ᠬᠡᠪᠴᠢᠶ᠎ᠡ ᠵᠢᠴᠢ ᠵᠢᠭᠡᠯᠡᠯᠭᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠪᠣᠯ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠵᠤ᠂ ᠮᠠᠯᠴᠢᠨ ᠲᠠᠷᠢᠶᠠᠴᠢᠨ ᠤ ᠠᠷᠠᠴᠢᠯᠠᠨ ᠲᠡᠵᠢᠭᠡᠬᠦ ᠮᠡᠷᠭᠡᠵᠢᠯ ᠵᠢᠴᠢ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠤᠤᠯᠤᠭᠤᠷ ᠤᠨ ᠢᠮᠠᠭᠠᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠭᠦᠨᠵᠡᠭᠡᠶᠢᠷᠡᠭᠦᠯᠵᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠪᠡ᠃      ᠭᠤᠸ ᠬᠤᠸᠠᠢ ᠵᠢᠩ ᠡᠷᠬᠡᠲᠦ ᠭᠠᠴᠠᠭᠠᠨ ᠤ ᠮᠠᠯᠴᠢᠳ ᠤᠨ ᠦᠢᠯᠡᠰ ᠪᠣᠰᠬᠠᠬᠤ ᠬᠦᠷᠢᠶᠡᠯᠡᠩ᠂ ᠡᠷᠬᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠦᠵᠢ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠳᠤ ᠬᠦᠷᠴᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠵᠤ ᠦᠢᠯᠡᠰ ᠤᠨ ᠬᠥᠭᠵᠢᠯᠲᠡ ᠪᠣᠯ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠪᠣᠳᠠᠰ ᠤᠨ ᠰᠠᠭᠤᠷᠢ ᠮᠥᠨ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠭᠤᠣᠯᠳᠠᠯᠭ᠎ᠠ ᠶᠢ ᠳᠣᠪᠤᠶᠢᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠲᠤᠰᠬᠠᠢ ᠬᠤᠷᠰᠢᠶ᠎ᠠ ᠶᠢᠨ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ᠂ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠯᠴᠢᠨ ᠲᠠᠷᠢᠶᠠᠴᠢᠳ ᠢ ᠦᠷᠭᠦᠯᠵᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤᠨᠢ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠨ ᠠᠬᠢᠭᠤᠯᠬᠤ ᠬᠡᠷᠡᠭᠲᠡᠢ᠃ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠲᠣᠮᠣ ᠮᠠᠯᠵᠢᠯ ᠤᠨ ᠲᠠᠯᠠᠪᠠᠶ︾ ᠶᠢᠨ ᠵᠠᠭᠪᠤᠷ ᠢᠶᠠᠷ ᠲᠣᠯᠢ ᠪᠣᠯᠭᠠᠵᠤ ᠳᠡᠯᠭᠡᠷᠡᠭᠦᠯᠦᠨ᠂ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠳᠠᠷᠠᠭ᠎ᠠ ᠨᠢ᠂ ᠭᠤᠤ ᠬᠤᠸᠠᠢ ᠵᠢᠩ ᠬᠦᠵᠢ ᠭᠠᠴᠠᠭ᠎ᠠ ᠶᠢᠨ ︽ᠬᠤᠶᠠᠷ ᠵᠥᠪᠯᠡᠯ︾ ᠤᠨ ᠪᠠᠭ ᠤᠨ ᠭᠡᠰᠢᠭᠦᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠡᠭᠡᠨ᠂ ᠭᠠᠴᠠᠭ᠎ᠠ ᠲᠣᠰᠬᠤᠨ ᠪᠣᠯ ᠮᠠᠯᠴᠢᠨ ᠲᠠᠷᠢᠶᠠᠴᠢᠨ ᠠᠴᠠ ᠬᠠᠮᠤᠭ ᠤᠨ ᠣᠶᠢᠷ᠎ᠠ ᠭᠠᠵᠠᠷ ᠪᠣᠯᠬᠤᠷ ᠦᠢᠯᠡᠴᠢᠯᠡᠭᠡᠨ ᠤ ᠬᠡᠷᠡᠭᠴᠡᠭᠡ ᠬᠠᠮᠤᠭ ᠤᠨ ᠶᠡᠭᠡ ᠪᠠᠶᠢᠳᠠᠭ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠦᠷᠢᠯᠳᠦᠭᠦᠯᠵᠦ᠂ ᠰᠤᠮᠤ ᠪᠠᠯᠭᠠᠰᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠢ ᠭᠠᠴᠠᠭ᠎ᠠ ᠲᠣᠰᠬᠤᠨ ᠳᠤ ᠪᠠᠭᠤᠯᠭᠠᠬᠤ ᠶᠢ ᠤᠯᠠᠮ ᠠᠬᠢᠭᠤᠯᠤᠨ᠂ ︽ᠪᠠᠯᠭᠠᠰᠤ ᠶᠢ ᠪᠠᠭᠠᠰᠬᠠᠨ ᠲᠣᠰᠬᠤᠨ ᠢ ᠬᠦᠴᠦᠷᠬᠡᠭᠵᠢᠭᠦᠯᠬᠦ︾᠂ ᠭᠠᠴᠠᠭ᠎ᠠ ᠲᠣᠰᠬᠤᠨ ᠤ ︽ᠠᠳᠠᠯᠢᠳᠬᠠᠬᠤ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ︾ ᠠᠵᠢᠯᠯᠠᠭ᠎ᠠ ᠪᠠᠷ ᠳᠠᠮᠵᠢᠭᠤᠯᠵᠤ᠂ ᠮᠠᠯᠴᠢᠨ ᠲᠠᠷᠢᠶᠠᠴᠢᠳ ᠲᠤ ᠨᠠᠩ ᠰᠠᠶᠢᠨ ᠦᠢᠯᠡᠴᠢᠯᠡᠭᠡ ᠬᠠᠩᠭᠠᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠳ ᠤᠨ ᠬᠦᠦ ᠮᠥᠩᠭᠦ ᠶᠢ ᠪᠠᠭᠤᠷᠠᠭᠤᠯᠤᠨ ᠵᠢᠭᠡᠯᠡᠯᠭᠡ ᠶᠢ ᠪᠠᠭᠠᠰᠬᠠᠵᠤ ᠳᠠᠷᠤᠭᠠᠰᠤ ᠶᠢ ᠬᠥᠩᠭᠡᠯᠡᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠩᠭᠤ ᠲᠣᠬᠢᠷᠠᠭᠤᠯᠤᠯᠲᠠ ᠬᠢᠵᠦ᠂ ᠬᠥᠳᠡᠯᠦᠩᠭᠦᠢ ᠡᠬᠡ ᠲᠠᠩᠰᠠ ᠪᠠᠶᠢᠭᠤᠯᠤᠨ᠂ ᠦᠨᠳᠦᠰᠦᠨ ᠱᠠᠲᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠮᠠᠯᠴᠢᠨ ᠲᠠᠷᠢᠶᠠᠴᠢᠳ ᠢ ᠬᠠᠪᠰᠤᠷᠴᠤ ᠳᠣᠣᠷ᠎ᠠ ᠬᠦᠦ ᠲᠠᠢ ᠵᠢᠭᠡᠯᠡᠯᠭᠡ ᠶᠢ ᠰᠣᠯᠢᠵᠦ ᠥᠭᠭᠦᠨ᠂ ᠮᠠᠯᠴᠢᠨ ᠲᠠᠷᠢᠶᠠᠴᠢᠳ ᠤᠨ ᠵᠢᠭᠡᠯᠡᠯᠭᠡ ᠶᠢᠨ ᠳᠠᠷᠤᠭᠠᠰᠤ ᠶᠢ ᠪᠥᠬᠦ ᠬᠦᠴᠦᠨ ᠢᠶᠠᠷ ᠢᠶᠠᠨ ᠬᠥᠩᠭᠡᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠸᠡᠭ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠪᠣᠯᠣᠨ ᠦᠨᠳᠦᠰᠦᠨ ᠱᠠᠲᠤᠨ ᠤ ᠺᠠᠳ᠋ᠷ ᠤᠨ ᠡᠶᠡᠳᠡᠭᠦᠯᠬᠦ ᠦᠢᠯᠡᠳᠦᠯ ᠢ ᠭᠦᠢᠴᠡᠳ  ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠰᠢᠢᠳᠪᠦᠷᠢᠯᠡᠬᠦ ᠪᠠᠷ ᠴᠢᠷᠮᠠᠶᠢᠵᠤ᠂ ︽ᠪᠠᠭ᠎ᠠ ᠶᠠᠪᠤᠳᠠᠯ ᠢ ᠭᠠᠴᠠᠭ᠎ᠠ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠰᠤᠮᠤ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠰᠢᠯᠵᠢᠭᠦᠯᠦᠨ ᠲᠤᠰᠢᠶᠠᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠠᠵᠢᠯ ᠤᠨ ᠠᠷᠭ᠎ᠠ ᠪᠠᠨ ᠰᠢᠨᠡᠴᠢᠯᠡᠨ᠂ ᠡᠯ᠎ᠡ ᠵᠦᠢᠯ ᠤᠨ ᠠᠵᠢᠯ ᠤᠨ ᠮᠥᠨ ᠴᠢᠨᠠᠷ ᠤᠨ ᠵᠢᠮ᠎ᠡ ᠶᠣᠰᠣ ᠶᠢ ᠣᠨᠣᠪᠴᠢᠲᠠᠢ ᠡᠵᠡᠮᠳᠡᠵᠦ᠂ ᠲᠣᠭᠲᠠᠴᠠ ᠶᠢ ᠤᠯᠠᠮ  ᠲᠡᠭᠦᠯᠳᠡᠷᠵᠢᠭᠦᠯᠦᠨ᠂ ᠶᠠᠪᠤᠴᠠ ᠶᠢ ᠳᠥᠭᠦᠮᠴᠢᠯᠡᠵᠦ᠂ ᠭᠤᠭᠴᠤᠭ᠎ᠠ ᠶᠢ ᠴᠥᠭᠡᠳᠬᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠠᠵᠢᠯ ᠬᠢᠵᠦ ᠦᠢᠯᠡᠰ ᠪᠣᠰᠬᠠᠬᠤ᠂  ᠠᠷᠠᠳ ᠲᠦᠮᠡᠨ ᠳᠤ ᠪᠤᠶᠠᠨ ᠦᠢᠯᠡᠳᠬᠦ ᠳᠡᠭᠡᠷ᠎ᠡ ᠨᠡᠩ ᠤᠯᠠᠨ ᠴᠠᠭ ᠪᠠ ᠤᠶᠤᠨ ᠴᠢᠳᠠᠯ ᠢᠶᠠᠨ ᠬᠡᠷᠡᠭᠯᠡᠬᠦ ᠬᠡᠷᠡᠭᠲᠡᠢ ᠭᠡᠪᠡ᠃      ᠭᠤᠤ ᠬᠤᠸᠠᠢ ᠵᠢᠩ ᠪᠠᠰᠠ ᠮᠸᠡᠭ ᠰᠢᠶᠠᠩ ᠨᠡᠶᠢᠭᠡᠮ ᠲᠣᠭᠤᠷᠢᠭ᠂ ᠰᠢᠨ ᠰᠢᠨ ᠨᠡᠶᠢᠭᠡᠮ ᠲᠣᠭᠤᠷᠢᠭ᠂ ᠦᠵᠦᠭᠦᠷ ᠨᠡᠶᠢᠭᠡᠮ ᠲᠣᠭᠤᠷᠢᠭ ᠲᠤ ᠬᠦᠷᠴᠦ᠂ ᠦᠨᠳᠦᠰᠦᠨ ᠱᠠᠲᠤᠨ ᠤ ᠵᠠᠰᠠᠯᠲᠠ᠂ ᠨᠡᠶᠢᠲᠡᠯᠢᠭ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠬᠥᠲᠥᠯᠥᠨ ᠳᠠᠭᠠᠭᠤᠯᠬᠤ ᠪᠠᠷ ᠭᠠᠷᠳᠠᠴᠠ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠪᠦᠷᠢᠨᠰᠢᠬᠦᠯᠦᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠪᠣᠯᠣᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠴᠣᠮᠬᠠᠳᠬᠠᠨ ᠥᠨᠳᠥᠷ ᠪᠦᠲᠦᠮᠵᠢᠲᠡᠶ ᠪᠠᠶᠢᠯᠭᠠᠬᠤ ᠪᠠ ᠠᠷᠠᠳ ᠲᠤ ᠲᠦᠬᠦᠮ ᠦᠵᠡᠭᠦᠯᠵᠦ ᠠᠷᠠᠳ ᠲᠤ ᠦᠢᠯᠡᠴᠢᠯᠡᠬᠦ ᠤᠳᠤᠷᠢᠳᠤᠮᠵᠢ ᠶᠢ ᠲᠣᠪᠤᠶᠢᠯᠭᠠᠨ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠲᠣᠳᠣᠷᠬᠠᠶᠢᠯᠠᠵᠤ᠂ ᠤᠴᠢᠷ ᠭᠦᠢᠴᠡᠳᠬᠡᠬᠦ ᠴᠢᠳᠠᠪᠬᠢ ᠶᠢ ᠰᠢᠯᠤᠭᠤᠳᠬᠠᠨ᠂ ᠤᠴᠢᠷ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠬᠡᠯᠪᠡᠷᠢᠴᠢ ᠦᠵᠡᠯ ᠢ ᠲᠡᠪᠴᠢᠨ᠂ ᠤᠯᠠᠨ ᠲᠦᠮᠡᠨ ᠳᠤ ᠦᠨᠡᠨᠬᠦ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ