1— 4 ᠳ᠋ᠦ᠋ᠭᠡᠷ ᠰᠠᠷ᠎ᠠ ᠳᠤ ᠣᠲᠤᠭ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ ᠨᠡᠮᠡᠭᠳᠡᠯ ᠤᠨ | ᠬᠤᠷᠳᠤᠴᠠ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ | | | 2024 ᠣᠨ ᠤ 1—4 ᠳ᠋ᠦ᠋ᠭᠡᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠲᠤᠭ᠎ᠠ 9.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ | ᠬᠤᠲᠠ ᠶᠢᠨ ᠭᠤᠷᠪᠠᠳᠤᠭᠠᠷ ᠲᠤ ᠣᠷᠣᠵᠠᠢ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠲᠤᠭ᠎ᠠ 1.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.7% ᠪᠠᠷ ᠨᠡᠮᠡᠭᠳᠡᠵᠡᠢ᠃ | ᠨᠢᠭᠡ᠂ ᠦᠨᠳᠦᠰᠦᠨ ᠠᠷᠠᠳ ᠤᠨ ᠠᠮᠢᠳᠤᠷᠠᠯ ᠤᠨ ᠲᠥᠷᠥᠯ | 1—4 ᠳ᠋ᠦ᠋ᠭᠡᠷ ᠰᠠᠷ᠎ᠠ ᠳᠤ᠂ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 42.1% ᠪᠠᠷ ᠨᠡᠮᠡᠭᠳᠡᠪᠡ᠃ | ᠲᠠᠸᠠᠷ ᠤᠨ ᠲᠥᠷᠥᠯ ᠵᠦᠢᠯ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠳᠠᠬᠢ ᠵᠢᠷᠭᠤᠭᠠᠨ ᠬᠤᠪᠢ ᠶᠢᠨ ᠲᠠᠸᠠᠷ ᠤᠨ ᠲᠥᠷᠥᠯ ᠵᠦᠢᠯ ᠤᠨ | ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠨᠡᠮᠡᠭᠳᠡᠪᠡ᠂ ᠡᠭᠦᠨ ᠳᠤ᠂ ᠠᠮᠤ ᠪᠤᠳᠠᠭ᠎ᠠ ᠢᠳᠡᠰᠢᠨ ᠲᠣᠰᠣᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 76.5% ᠪᠠᠷ ᠨᠡᠮᠡᠭᠳᠡᠵᠦ᠂ ᠮᠢᠬ᠎ᠠ ᠵᠢᠭᠦᠷᠲᠡᠨ ᠥᠨᠳᠡᠭᠡ ᠶᠢᠨ ᠲᠥᠷᠥᠯ ᠤᠨ ᠲᠠᠸᠠᠷ ᠤᠨ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 66.9% ᠪᠠᠷ ᠨᠡᠮᠡᠭᠳᠡᠨ᠂ ᠤᠰᠤᠨ ᠤ ᠭᠠᠷᠤᠯᠲᠠ ᠶᠢᠨ ᠲᠥᠷᠥᠯ ᠤᠨ ᠲᠠᠸᠠᠷ ᠤᠨ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 71.7% ᠪᠠᠷ ᠨᠡᠮᠡᠭᠳᠡᠵᠦ᠂ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 25.8% ᠪᠠᠷ ᠨᠡᠮᠡᠭᠳᠡᠨ᠂ ᠤᠮᠳᠠᠭᠠᠨ ᠤ ᠲᠥᠷᠥᠯ ᠤᠨ ᠲᠠᠸᠠᠷ ᠤᠨ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 42.1% ᠪᠠᠷ ᠨᠡᠮᠡᠭᠳᠡᠵᠡᠢ᠃ | ᠬᠤᠶᠠᠷ᠂ ᠲᠡᠰ ᠳᠡᠪᠰᠢᠬᠦ ᠲᠦᠷᠦᠯ ᠤᠨ ᠬᠡᠷᠡᠭᠯᠡᠭᠡ | ᠳᠡᠭᠡᠳᠦ ᠲᠡᠰ ᠤᠨ ᠴᠢᠨᠠᠷ ᠰᠠᠶᠢᠲᠠᠢ ᠪᠣᠬᠢᠷᠲᠤᠯ ᠦᠭᠡᠢ ᠲᠠᠸᠠᠷ ᠤᠨ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠨᠡᠮᠡᠭᠳᠡᠬᠦ ᠶᠢ ᠳᠠᠭᠠᠯᠳᠤᠨ᠂ 1- 4 ᠳ᠋ᠦ᠋ᠭᠡᠷ | ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠳᠠᠬᠢ ᠭᠡᠷ ᠤᠨ ᠴᠠᠬᠢᠯᠭᠠᠨ ᠬᠡᠷᠡᠭᠰᠡᠯ ᠪᠣᠯᠣᠨ ᠲᠠᠭᠤ ᠳᠦᠷᠰᠦ ᠰᠢᠩᠭᠡᠭᠡᠯᠲᠡ ᠶᠢᠨ ᠪᠠᠭᠠᠵᠢ | ᠬᠡᠷᠡᠭᠰᠡᠯ ᠤᠨ ᠲᠥᠷᠥᠯ ᠤᠨ ᠲᠠᠸᠠᠷ ᠤᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 49.4% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ | ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 79.8% ᠪᠠᠷ ᠨᠡᠮᠡᠭᠳᠡᠨ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠪᠣᠷᠣᠯᠠᠭᠤᠯᠤᠭᠰᠠᠨ ᠬᠡᠮᠵᠢᠶ᠎ᠡ 258.6% ᠳᠤ ᠬᠦᠷᠴᠦ᠂ ᠲᠦᠷᠭᠡᠨ ᠨᠡᠮᠡᠭᠳᠡᠯ ᠢ ᠪᠡᠶᠡᠯᠡᠭᠦᠯᠵᠡᠢ᠃ | ᠭᠤᠷᠪᠠ᠂ ᠬᠤᠨᠤᠭ ᠤᠨ ᠭᠠᠵᠠᠷ ᠢᠳᠡᠭᠡᠨ ᠤᠮᠳᠠᠭᠠᠨ ᠤ ᠦᠢᠯᠡᠰ | 1—4 ᠳ᠋ᠦ᠋ᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠪᠠ ᠢᠳᠡᠭᠡᠨ ᠤᠮᠳᠠᠭᠠᠨ ᠤ ᠦᠢᠯᠡᠰ ᠢ ᠨᠢᠳᠤᠨᠤᠨ ᠤ | ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠪᠠᠭᠤᠷᠠᠪᠠ᠂ ᠭᠤᠣᠯ ᠰᠢᠯᠲᠠᠭᠠᠨ ᠨᠢ ᠠᠳᠠᠯᠢ ᠬᠤᠭᠤᠴᠠᠭᠠᠨ ᠤ ᠬᠤᠯᠪᠣᠭᠳᠠᠯ ᠪᠦᠬᠦᠢ ᠠᠵᠢᠯᠯᠠᠭ᠎ᠠ ᠶᠢᠨ | ᠬᠦᠴᠦᠲᠡᠢ ᠲᠤᠯᠭᠠᠭᠤᠷᠢᠯᠠᠯ ᠳᠣᠣᠷᠠᠬᠢ ᠥᠨᠳᠥᠷ ᠰᠠᠭᠤᠷᠢ ᠲᠣᠭᠠᠨ ᠤ ᠨᠥᠯᠥᠭᠡ ᠠᠴᠠ ᠪᠣᠯᠵᠤ᠂ ᠬᠤᠨᠤᠭ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 14. | 1% ᠪᠠᠷ ᠪᠠᠭᠤᠷᠠᠵᠤ᠂ ᠢᠳᠡᠭᠡᠨ ᠤᠮᠳᠠᠭᠠᠨ ᠤ ᠦᠢᠯᠡᠰ 1% ᠪᠠᠷ ᠪᠠᠭᠤᠷᠠᠭᠰᠠᠨ ᠠᠴᠠ ᠪᠣᠯᠵᠠᠢ᠃ | ᠥᠨᠦ ᠵᠢᠯ ᠠᠴᠠ ᠨᠠᠭᠠᠰᠢ᠂ ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠢ ᠳᠡᠭᠡᠨ ᠰᠠᠶᠢᠨ ᠬᠥᠭᠵᠢᠯᠲᠡ ᠲᠠᠢ ᠪᠣᠯᠵᠤ᠂ ᠰᠠᠭᠤᠭᠠᠯᠢ | ᠠᠷᠠᠳ ᠤᠨ ᠬᠡᠷᠡᠭᠯᠡᠭᠡᠨ ᠤ ᠴᠢᠳᠠᠪᠤᠷᠢ ᠪᠠ ᠢᠲᠡᠭᠡᠯ ᠠᠯᠬᠤᠮ ᠠᠯᠬᠤᠮ ᠢᠶᠠᠷ ᠳᠡᠭᠡᠭᠰᠢᠯᠡᠨ᠂ ᠵᠠᠬ᠎ᠠ ᠳᠡᠯᠭᠡᠭᠦᠷ ᠤᠨ ᠰᠠᠶᠢᠵᠢᠷᠠᠬᠤ ᠬᠠᠨᠳᠤᠰᠢ ᠢᠯᠡᠳᠲᠡ ᠪᠣᠯᠵᠤ | ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠪᠢᠳᠡ ᠰᠠᠶᠢᠨ ᠰᠠᠶᠢᠬᠠᠨ ᠬᠡᠷᠡᠭᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠬᠡᠷᠡᠭᠯᠡᠭᠴᠢᠳ ᠤᠨ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷᠡᠭᠯᠡᠭᠡ ᠶᠢ ᠠᠬᠢᠭᠤᠯᠬᠤ ᠠᠯᠢ ᠤᠯᠠᠨ ᠠᠵᠢᠯᠯᠠᠭ᠎ᠠ ᠪᠠᠷ ᠳᠠᠮᠵᠢᠭᠤᠯᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠩ | ᠡᠷᠡᠭᠦᠯ᠂ ᠲᠣᠭᠲᠠᠭᠤᠨ ᠪᠥᠭᠡᠳ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ | | | |