2024 ᠣᠨ ᠤ 1︱4 ᠳ᠋ᠦ᠋ᠭᠡᠷ ᠰᠠᠷ᠎ᠠ ᠬᠦᠷᠲᠡᠯᠡᠬᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠷᠭᠢᠯᠲᠡ ᠶᠢᠨ ᠪᠠᠶᠢᠳᠠᠯ ᠤᠨ | ᠲᠣᠪᠴᠢ ᠵᠠᠳᠠᠯᠤᠯᠲᠠ | | | 2024 ᠣᠨ ᠤ 1 ︱ 4 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠳᠠᠷᠤᠭᠠᠰᠤ ᠶᠢ ᠰᠥᠷᠦᠨ ᠤᠷᠤᠭᠰᠢᠯᠠᠵᠤ᠂ | ᠦᠷᠭᠦᠯᠵᠢᠯᠡᠨ ᠬᠥᠭᠵᠢᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 8.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.7% ᠪᠠᠷ ᠪᠠᠭᠤᠷᠠᠪᠠ᠃ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 0.65 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.9% ᠪᠠᠷ ᠪᠠᠭᠤᠷᠠᠪᠠ᠃ | ᠠᠵᠢᠯ ᠲᠥᠷᠥᠯ ᠢᠶᠠᠷ ᠨᠢ ᠬᠤᠪᠢᠶᠠᠵᠤ ᠦᠵᠡᠪᠡᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 0.76 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.13% ᠪᠠᠷ ᠨᠡᠮᠡᠭᠳᠡᠪᠡ︔ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 315 | ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠳᠤ -13.5 ᠲᠦᠮᠡᠨ ᠲᠥᠭᠦᠷᠢᠭ ᠪᠠᠶᠢᠪᠠ︔ ᠲᠦᠷᠢᠶᠡᠰᠦᠯᠡᠯ ᠪᠠ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 6.48% ᠪᠠᠷ ᠪᠠᠭᠤᠷᠠᠨ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 224 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43. | 56% ᠪᠠᠷ ᠪᠠᠭᠤᠷᠠᠪᠠ︔ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 7.61 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 31.27% ᠪᠠᠷ ᠪᠠᠭᠤᠷᠠᠨ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 0.61 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 30.01% ᠪᠠᠷ ᠪᠠᠭᠤᠷᠠᠪᠠ᠃ | ᠶᠡᠷᠦᠩᠬᠡᠢ ᠳᠤᠨᠢ ᠠᠪᠴᠤ ᠦᠵᠡᠪᠡᠯ᠂ 1 ︱4 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠷᠭᠢᠯᠲᠡ ᠳᠤ | ᠲᠣᠭᠲᠠᠭᠤᠨ ᠪᠤᠰᠤ᠂ ᠲᠣᠭᠲᠠᠪᠤᠷᠢᠲᠤ ᠪᠤᠰᠤ ᠬᠦᠴᠦᠨ ᠵᠦᠢᠯ ᠪᠠᠰᠠ ᠨᠡᠯᠢᠶᠡᠳ ᠣᠯᠠᠨ ᠣᠷᠣᠰᠢᠵᠤ᠂ ᠵᠠᠷᠢᠮ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ | ᠦᠷᠭᠦᠯᠵᠢᠯᠡᠨ ᠬᠥᠭᠵᠢᠬᠦ ᠰᠠᠭᠤᠷᠢ ᠶᠢ ᠮᠥᠨ ᠪᠠᠬᠢᠵᠢᠭᠦᠯᠬᠦ ᠴᠢᠬᠤᠯᠠᠲᠠᠢ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠶᠡᠷᠦᠩᠬᠡᠶᠢᠯᠡᠭᠰᠡᠨ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠦᠷᠭᠦᠯᠵᠢᠯᠡᠨ ᠰᠡᠷᠭᠦᠬᠦ ᠶᠢ ᠠᠬᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠤᠨ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠨᠡᠮᠡᠭᠳᠡᠯ ᠢ ᠠᠬᠢᠭᠤᠯᠬᠤ ᠴᠢᠬᠤᠯᠠᠲᠠᠢ ᠪᠠᠶᠢᠨ᠎ᠠ᠃ | |