2024 ᠣᠨ ᠤ 1 ︱ 4 ᠳ᠋ᠦ᠋ᠭᠡᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠵᠤ᠂ ᠡᠯ᠎ᠡ ᠠᠵᠢᠯ ᠲᠥᠷᠥᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠵᠦ ᠬᠠᠰᠤᠭᠳᠠᠭᠰᠠᠨ ᠬᠡᠮᠵᠢᠶ᠎ᠡ ᠲᠣᠭᠲᠠᠭᠤᠨ ᠢ ᠪᠠᠲᠤᠯᠠᠨ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ ᠠᠳᠠᠯᠢ ᠬᠤᠭᠤᠴᠠᠭᠠᠨ ᠤ | ᠬᠢ ᠠᠴᠠ 1.2% ᠢᠶᠠᠷ ᠨᠡᠮᠡᠭᠳᠡᠵᠦ᠂ ᠲᠡᠩᠴᠡᠯ ᠬᠡᠮᠵᠢᠭᠳᠡᠯ ᠨᠢ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠃ | ᠭᠤᠷᠪᠠᠨ ᠶᠡᠭᠡ ᠲᠥᠷᠥᠯ ᠠᠳᠠᠯᠢ ᠬᠤᠭᠤᠴᠠᠭᠠᠨ ᠤ ᠬᠢ ᠠᠴᠠ ᠴᠥᠮ ᠨᠡᠮᠡᠭᠳᠡᠪᠡ | 2024 ᠣᠨ ᠤ 1 ︱ 4 ᠳ᠋ᠦ᠋ᠭᠡᠷ ᠰᠠᠷ᠎ᠠ ᠳᠤ᠂ ᠭᠤᠷᠪᠠᠨ ᠶᠡᠭᠡ ᠲᠥᠷᠥᠯ ᠳᠠᠬᠢ ᠠᠭᠤᠷᠬᠠᠢ ᠮᠠᠯᠲᠠᠬᠤ ᠦᠢᠯᠡᠰ ᠪᠠ ᠴᠠᠬᠢᠯᠭᠠᠨ ᠬᠦᠴᠤ᠂ ᠢᠯᠴᠢ ᠶᠢᠨ | ᠬᠥᠴᠤ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠵᠢᠴᠢ ᠬᠠᠩᠭᠠᠯᠭ᠎ᠠ ᠶᠢᠨ ᠦᠢᠯᠡᠰ ᠤᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ ᠠᠳᠠᠯᠢ | ᠬᠤᠭᠤᠴᠠᠭᠠᠨ ᠤ ᠬᠢ ᠠᠴᠠ ᠨᠡᠯᠢᠶᠡᠳ ᠲᠦᠷᠭᠡᠨ ᠨᠡᠮᠡᠭᠳᠡᠵᠦ᠂ ᠦᠢᠯᠡᠳᠬᠦ ᠦᠢᠯᠡᠰ ᠪᠠᠭ᠎ᠠ ᠬᠡᠮᠵᠢᠶ᠎ᠡ ᠪᠠᠷ ᠨᠡᠮᠡᠭᠳᠡᠪᠡ᠃ | ᠠᠭᠤᠷᠬᠠᠢ ᠮᠠᠯᠲᠠᠬᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠤᠨ ᠲᠡᠩᠴᠡᠭᠦᠦ ᠥᠷᠲᠡᠭ ᠨᠢ 11.5 ᠲᠦᠮᠡᠨ ᠲᠣᠨ ᠪᠠᠷᠢᠮᠵᠢᠶᠠᠲᠤ | ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 1.7% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.3 ᠬᠤᠪᠢ | ᠳᠡᠭᠡᠭᠰᠢᠯᠡᠪᠡ᠃ | ᠦᠢᠯᠡᠳᠬᠦ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠤᠨ ᠲᠡᠩᠴᠡᠭᠦᠦ ᠥᠷᠲᠡᠭ ᠨᠢ 617.0 ᠲᠦᠮᠡᠨ ᠲᠣᠨ ᠪᠠᠷᠢᠮᠵᠢᠶᠠᠲᠤ ᠨᠡᠭᠦᠷᠡᠰᠦ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠡᠨᠧᠷᠭᠢ ᠶᠢᠨ ᠬᠤᠷᠣᠭᠳᠠᠯ ᠤᠨ 92.0% ᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.6 ᠬᠤᠪᠢ ᠪᠠᠭᠤᠷᠠᠪᠠ᠃ | ᠴᠠᠬᠢᠯᠭᠠᠨ ᠬᠦᠴᠤ᠂ ᠢᠯᠴᠢ ᠶᠢᠨ ᠬᠦᠴᠤ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠶᠡᠷᠦᠩᠬᠡᠶᠢᠯᠡᠭᠰᠡᠨ | ᠡᠨᠧᠷᠭᠢ ᠶᠢᠨ ᠬᠤᠷᠣᠭᠳᠠᠯ ᠤᠨᠲ᠋ᠡᠩᠴᠡᠭᠦᠦ ᠥᠷᠲᠡᠭ ᠨᠢ 40.4 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 6.5% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 6.0% ᠶᠢ | ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.3 ᠬᠤᠪᠢ ᠳᠡᠭᠡᠭᠰᠢᠯᠡᠪᠡ᠃ | ︵ᠵᠢᠷᠤᠭ 1 ᠭᠤᠷᠪᠠᠨ ᠶᠡᠭᠡ ᠲᠥᠷᠥᠯ ᠤᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ︶ | | | | ᠠᠷᠪᠠᠨ ᠲᠠᠪᠤᠨ ᠶᠡᠭᠡ ᠠᠵᠢᠯ ᠲᠥᠷᠥᠯ ᠤᠨ ᠨᠡᠮᠡᠭᠳᠡᠯ ᠪᠠᠭᠤᠷᠠᠯᠲᠠ ᠨᠢ ᠠᠳᠠᠯᠢ ᠪᠤᠰᠤ ᠪᠠᠶᠢᠨ᠎ᠠ | 2024 ᠣᠨ ᠤ 1 ︱ 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 15 ᠠᠵᠢᠯ | ᠲᠥᠷᠥᠯ ᠳᠤ᠂ ᠠᠳᠠᠯᠢ ᠬᠤᠭᠤᠴᠠᠭᠠᠨ ᠤ ᠬᠢ ᠠᠴᠠ ᠶᠢᠰᠦ ᠨᠡᠮᠡᠭᠳᠡᠵᠦ ᠲᠠᠪᠤ ᠪᠠᠭᠤᠷᠠᠨ ᠨᠢᠭᠡ ᠨᠢ ᠲᠡᠩᠴᠡᠵᠦ᠂ 5 ᠠᠵᠢᠯ ᠲᠥᠷᠥᠯ ᠲᠡᠩᠴᠡᠭᠦᠦ ᠥᠷᠲᠡᠭ ᠤᠨ | ᠡᠨᠧᠷᠭᠢ ᠶᠢᠨ ᠬᠤᠷᠣᠭᠳᠠᠯ ᠢᠶᠠᠷ ᠰᠥᠭᠡᠷᠭᠦ ᠨᠡᠮᠡᠭᠳᠡᠯ ᠲᠠᠢ ᠪᠠᠶᠢᠪᠠ᠄ ᠳᠠᠷᠤᠢ ᠨᠡᠬᠡᠮᠡᠯ ᠤᠨ ᠦᠢᠯᠡᠰ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ | ᠪᠣᠯᠪᠠᠰᠤᠷᠠᠭᠤᠯᠬᠤ ᠦᠢᠯᠡᠰ᠂ ᠲᠡᠮᠦᠷᠯᠢᠭ ᠪᠤᠰᠤ ᠠᠭᠤᠷᠬᠠᠢ ᠶᠢᠨ ᠦᠢᠯᠡᠳᠬᠦᠨ ᠤ ᠦᠢᠯᠡᠰ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠤᠨ | ᠪᠣᠯᠪᠠᠰᠤᠷᠠᠭᠤᠯᠬᠤ ᠦᠢᠯᠡᠰ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠪᠣᠯᠣᠨ᠎ᠠ︔ ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ | ᠠᠳᠠᠯᠢ ᠬᠤᠭᠤᠴᠠᠭᠠᠨ ᠤ ᠬᠢ ᠲᠠᠢ ᠪᠠᠨ ᠲᠡᠩᠴᠡᠭᠰᠡᠨ ᠠᠴᠠ ᠭᠠᠳᠠᠨ᠎ᠠ᠂ ᠡᠶᠡᠷᠡᠬᠦ ᠨᠡᠮᠡᠭᠳᠡᠯ ᠲᠠᠢ 9 ᠠᠵᠢᠯ ᠲᠥᠷᠥᠯ ᠳᠣᠲᠣᠷ᠎ᠠ ᠵᠥᠪᠬᠡᠨ 1 ᠠᠵᠢᠯ ᠲᠥᠷᠥᠯ᠂ | ᠳᠠᠷᠤᠢ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠤᠨ ᠨᠡᠮᠡᠭᠳᠡᠯ ᠤᠨ ᠬᠤᠷᠳᠤᠴᠠ ᠨᠢ ᠨᠡᠯᠢᠶᠡᠳ ᠲᠦᠷᠭᠡᠨ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠡ ᠨᠢ 27.3 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠦᠨ᠂ ᠨᠡᠭᠦᠷᠡᠰᠦ ᠮᠠᠯᠲᠠᠬᠤ ᠪᠠ ᠤᠬᠢᠶᠠᠵᠤ | ᠰᠢᠯᠢᠬᠦ ᠦᠢᠯᠡᠰ᠂ ᠲᠡᠮᠦᠷᠯᠢᠭ ᠪᠤᠰᠤ ᠠᠭᠤᠷᠬᠠᠢ ᠮᠠᠯᠲᠠᠵᠤ ᠰᠢᠯᠢᠬᠦ ᠦᠢᠯᠡᠰ᠂ ᠢᠳᠡᠭᠡᠨ ᠪᠣᠯᠪᠠᠰᠤᠷᠠᠭᠤᠯᠬᠤ ᠦᠢᠯᠡᠰ᠂ ᠲᠡᠮᠦᠷᠯᠢᠭ ᠦᠢᠯᠡᠳᠬᠦᠨ ᠤ ᠦᠢᠯᠡᠰ᠂ | ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠦᠢᠯᠡᠰ᠂ ᠴᠠᠬᠢᠯᠭᠠᠨ ᠬᠦᠴᠤ᠂ ᠢᠯᠴᠢ ᠶᠢᠨ ᠬᠥᠴᠤ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠵᠡᠷᠭᠡ ᠪᠤᠰᠤᠳ 8 ᠠᠵᠢᠯ ᠲᠥᠷᠥᠯ ᠨᠢ ᠠᠳᠠᠯᠢ ᠬᠤᠭᠤᠴᠠᠭᠠᠨ ᠤ ᠬᠢ ᠠᠴᠠ ᠴᠥᠮ ᠪᠠᠭ᠎ᠠ ᠬᠡᠮᠵᠢᠶ᠎ᠡ ᠪᠠᠷ ᠨᠡᠮᠡᠭᠳᠡᠪᠡ᠃ | | | ᠳᠣᠣᠷᠠᠬᠢ ᠵᠢᠷᠤᠭ 2 ︵ᠠᠷᠪᠠᠨ ᠲᠠᠪᠤᠨ ᠶᠡᠭᠡ ᠠᠵᠢᠯ ᠲᠥᠷᠥᠯ ᠤᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ ᠢ ᠠᠳᠠᠯᠢ ᠬᠤᠭᠤᠴᠠᠭᠠᠨ ᠤ ᠬᠢ | ᠲᠠᠢ ᠬᠠᠷᠢᠴᠠᠭᠤᠯᠤᠭᠰᠠᠨ ᠪᠠᠶᠢᠳᠠᠯ︶ | | | | ᠬᠦᠰᠦᠨᠦᠭᠲᠦ 2 ᠠᠴᠠ ᠦᠵᠡᠪᠡᠯ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠡᠩᠴᠡᠭᠦᠦ ᠦᠷᠲᠡᠭ ᠤᠨ | ᠡᠨᠧᠷᠭᠢ ᠶᠢᠨ ᠬᠤᠷᠣᠭᠳᠠᠯ ᠨᠢ ᠭᠤᠣᠯᠳᠠᠭᠤ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠵᠢᠴᠢ ᠬᠠᠷ᠎ᠠ ᠲᠡᠮᠦᠷᠯᠢᠭ | ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠦᠢᠯᠡᠰ ᠵᠡᠷᠭᠡ ᠬᠤᠶᠠᠷ ᠶᠡᠭᠡ ᠠᠵᠢᠯ ᠲᠦᠷᠦᠯ ᠳᠤ ᠲᠥᠪᠯᠡᠷᠡᠵᠦ᠂ ᠬᠤᠶᠠᠷ ᠶᠡᠭᠡ ᠠᠵᠢᠯ | ᠲᠦᠷᠦᠯ ᠤᠨ 1— 4 ᠳ᠋ᠦ᠋ᠭᠡᠷ ᠰᠠᠷ᠎ᠠ ᠬᠦᠷᠲᠡᠯᠡᠬᠢ ᠲᠡᠩᠴᠡᠭᠦᠦ ᠦᠷᠲᠡᠭ ᠤᠨ ᠡᠨᠧᠷᠭᠢ ᠶᠢᠨ ᠬᠤᠷᠣᠭᠳᠠᠯ ᠨᠢ 540.9 ᠲᠦᠮᠡᠨ ᠲᠣᠨ ᠪᠠᠷᠢᠮᠵᠢᠶᠠᠲᠤ ᠨᠡᠭᠦᠷᠡᠰᠦ | ᠬᠦᠷᠦᠨ᠂ ᠠᠳᠠᠯᠢ ᠬᠤᠭᠤᠴᠠᠭᠠᠨ ᠤ ᠬᠢ ᠠᠴᠠ 17.7 ᠲᠦᠮᠡᠨ ᠲᠤᠨ ᠪᠠᠷᠢᠮᠵᠢᠶᠠᠲᠤ ᠨᠡᠭᠦᠷᠡᠰᠦ ᠨᠡᠮᠡᠭᠳᠡᠪᠡ᠃ | ᠠᠷᠪᠠᠨ ᠲᠠᠪᠤᠨ ᠶᠡᠭᠡ ᠠᠵᠢᠯ ᠲᠦᠷᠦᠯ ᠤᠨ ᠴᠠᠬᠢᠯᠭᠠᠨ ᠬᠦᠴᠦᠨ ᠤ ᠬᠡᠷᠡᠭᠯᠡᠭᠡ | 2024 ᠣᠨ ᠤ 1— 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ | ᠬᠡᠷᠡᠭᠯᠡᠭᠡ ᠨᠡᠶᠢᠲᠡ 131.1 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ᠃ 15 ᠶᠡᠭᠡ ᠠᠵᠢᠯ | ᠲᠥᠷᠥᠯ ᠳᠤ ᠴᠠᠬᠢᠯᠭᠠᠨ ᠬᠦᠴᠦᠨ ᠤ ᠬᠡᠷᠡᠭᠯᠡᠭᠡᠨ ᠤ ᠨᠡᠮᠡᠭᠳᠡᠯ ᠤᠨ ᠬᠡᠮᠵᠢᠶ᠎ᠡ ᠨᠢ ᠪᠠᠭᠤᠷᠠᠯᠲᠠ ᠶᠢᠨ ᠬᠡᠮᠵᠢᠶ᠎ᠡ ᠠᠴᠠ ᠶᠡᠭᠡ ᠪᠣᠯᠪᠠ᠃ ᠡᠭᠦᠨ ᠳᠤ᠂ ᠨᠡᠭᠦᠷᠡᠰᠦ ᠮᠠᠯᠲᠠᠬᠤ | ᠪᠠ ᠤᠬᠢᠶᠠᠵᠤ ᠰᠢᠯᠢᠬᠦ ᠦᠢᠯᠡᠰ᠂ ᠲᠡᠮᠦᠷᠯᠢᠭ ᠪᠤᠰᠤ ᠠᠭᠤᠷᠬᠠᠢ ᠶᠢᠨ ᠬᠦᠳᠡᠷ ᠰᠢᠯᠢᠬᠦ ᠦᠢᠯᠡᠰ᠂ ᠢᠳᠡᠭᠡᠨ ᠪᠣᠯᠪᠠᠰᠤᠷᠠᠭᠤᠯᠬᠤ ᠦᠢᠯᠡᠰ᠂ ᠨᠡᠬᠡᠮᠡᠯ ᠤᠨ ᠦᠢᠯᠡᠰ᠂ | ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ ᠭᠤᠮ ᠪᠠ ᠰᠦᠯᠢᠶᠥᠦ ᠪᠦᠲᠦᠭᠡᠭᠳᠡᠬᠦᠨ ᠤ ᠦᠢᠯᠡᠰ᠂ ᠲᠡᠮᠦᠷᠯᠢᠭ | ᠦᠢᠯᠡᠳᠬᠦᠨ ᠤ ᠦᠢᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ ᠬᠠᠶᠠᠭᠳᠠᠮᠠᠯ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠦᠢᠯᠡᠰ᠂ ᠴᠠᠬᠢᠯᠭᠠᠨ ᠬᠦᠴᠤ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠰᠢᠲᠠᠮᠠᠬᠠᠢ ᠬᠡᠢ ᠶᠢᠨ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠶᠢᠳᠡ ᠨᠡᠮᠡᠭᠳᠡᠯ ᠤᠨ ᠬᠡᠮᠵᠢᠶ᠎ᠡ ᠨᠢ 8.3 ᠳ᠋ᠦᠩᠰᠢᠭᠤᠷ | ᠺᠢᠯᠣᠸᠠᠲ ᠴᠠᠭ ᠬᠦᠷᠦᠨ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ᠂ ᠲᠡᠮᠦᠷᠯᠢᠭ ᠪᠤᠰᠤ ᠠᠭᠤᠷᠬᠠᠢ ᠶᠢᠨ | ᠪᠦᠲᠦᠭᠡᠭᠳᠡᠬᠦᠨ ᠤ ᠦᠢᠯᠡᠰ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠦᠢᠯᠡᠰ᠂ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠵᠤ᠂ ᠨᠡᠶᠢᠳᠡ 1.9 ᠳ᠋ᠦᠩᠰᠢᠭᠤᠷ ᠺᠢᠯᠣᠸᠠᠲ ᠴᠠᠭ ᠪᠠᠭᠤᠷᠠᠪᠠ᠃ | ᠶᠡᠷᠦᠩᠬᠡᠢ ᠳᠤᠨᠢ ᠠᠪᠴᠤ ᠦᠵᠡᠪᠡᠯ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠷᠭᠢᠯᠲᠡ | ᠡᠮᠬᠢ ᠵᠢᠷᠤᠮ ᠲᠠᠢ ᠪᠠᠶᠢᠵᠤ᠂ ᠬᠤᠷᠣᠭᠳᠠᠯ ᠢᠶᠠᠷ ᠶᠡᠭᠡ ᠠᠵᠤ ᠠᠬᠤᠶᠢᠯᠠᠯ ᠤᠨ ᠡᠨᠧᠷᠭᠢ ᠶᠢᠨ ᠬᠡᠷᠡᠭᠯᠡᠭᠡᠨ ᠤ ᠬᠡᠷᠡᠭᠴᠡᠭᠡ ᠲᠣᠭᠲᠠᠭᠤᠨ ᠢᠶᠠᠷ ᠳᠡᠭᠡᠭᠰᠢᠯᠡᠨ᠂ ᠡᠯ᠎ᠡ | ᠠᠵᠢᠯ ᠲᠥᠷᠥᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ ᠬᠠᠰᠤᠭᠳᠠᠬᠤ ᠬᠡᠮᠵᠢᠶ᠎ᠡ | ᠨᠡᠯᠢᠶᠡᠳ ᠲᠣᠭᠲᠠᠭᠤᠨ ᠪᠠᠶᠢᠨ᠎ᠠ᠃ | | | |