ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠯᠲᠡ ᠶᠢᠨ ᠪᠡᠯᠡ ᠣᠷᠣᠭᠤᠯᠤᠯᠲᠠ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/5/31
      ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠯᠲᠡ ᠶᠢᠨ ᠪᠡᠯᠡ ᠣᠷᠣᠭᠤᠯᠤᠯᠲᠠ ᠰᠠᠶᠢᠨ ᠪᠠᠶᠢᠨ᠎ᠠ        1— 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠨᠡᠶᠢᠲᠡ 2.9 ᠳ᠋ᠦᠩᠰᠢᠭᠤᠷ ᠲᠥᠭᠦᠷᠢᠭ ᠲᠤ ᠬᠦᠷᠪᠡ᠃ ᠰᠤᠳᠤᠯᠤᠨ ᠨᠡᠭᠡᠭᠡᠯᠲᠡ ᠬᠢᠬᠦ ᠠᠵᠤ ᠠᠬᠤᠶᠢᠯᠠᠯ 34 ᠪᠠᠶᠢᠵᠤ᠂ ᠡᠭᠦᠨ ᠳᠤ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ 30 ᠪᠠᠶᠢᠪᠠ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠨᠢ 1000 ᠲᠦᠮᠡᠨ ᠲᠥᠭᠦᠷᠢᠭ ᠢ ᠳᠠᠪᠠᠭᠰᠠᠨ 8 ᠠᠵᠤ ᠠᠬᠤᠶᠢᠯᠠᠯ ᠠᠴᠠ 7 ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ᠎ᠠ᠃ ᠮᠠᠨ ᠤ ᠬᠤᠰᠢᠭᠤᠨ ᠤ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠨᠢ ᠭᠤᠣᠯᠳᠠᠭᠤ ᠦᠢᠯᠡᠳᠬᠦ ᠦᠢᠯᠡᠰ ᠢᠶᠠᠷ ᠭᠤᠣᠯᠯᠠᠨ᠂ 1— 4  ᠳ᠋ᠦ᠋ᠭᠡᠷ ᠰᠠᠷ᠎ᠠ ᠳᠤ ᠨᠡᠶᠢᠲᠡ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ 79% ᠶᠢ ᠡᠵᠡᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠳᠤ ᠰᠢᠨ᠎ᠡ ᠰᠢᠪᠲᠤᠯᠤᠯᠲᠠ ᠭᠠᠷᠭᠠᠪᠠ︔ ᠠᠭᠤᠷᠬᠠᠢ ᠮᠠᠯᠲᠠᠬᠤ ᠦᠢᠯᠡᠰ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 0.6 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 100% ᠪᠠᠷ ᠨᠡᠮᠡᠭᠳᠡᠨ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠨᠡᠮᠡᠭᠳᠡᠯ ᠲᠦᠷᠭᠡᠨ ᠪᠠᠶᠢᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ