ᠭᠤᠸ ᠬᠤᠸᠠᠢ ᠵᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
      5 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠡᠷᠭᠢᠯᠡᠪᠡ᠃      ᠬᠤᠷᠠᠯ ᠳᠤ 4 ᠳ᠋ᠦ᠋ᠭᠡᠷ ᠰᠠᠷ᠎ᠠ ᠶᠢᠨ 30 ᠤ ᠡᠳᠦᠷ ᠤᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠦᠨᠵᠡᠭᠡᠢ ᠰᠤᠷᠤᠯᠴᠠᠵᠤ ᠣᠶᠢᠯᠠᠭᠠᠨ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠤᠨ᠂ ᠪᠦᠭᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠢᠮᠠᠭᠲᠠ ᠴᠢᠩᠭᠠᠳᠬᠠᠨ᠂ ᠨᠢᠭᠡᠳᠦᠭᠡᠷ ᠹᠷᠣᠨᠲ ᠤᠨ ᠠᠵᠢᠯ ᠤᠨ ᠠᠷᠭ᠎ᠠ ᠶᠢ ᠪᠠᠷᠢᠮᠲᠠᠯᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠳᠦᠰᠦᠨ ᠱᠠᠲᠤᠨ ᠤ ᠲᠤᠷᠰᠢᠯᠭ᠎ᠠ ᠪᠠ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠨᠢᠭᠡᠳᠦᠭᠡᠷ ᠤᠯᠠᠷᠢᠯ ᠤᠨ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠵᠢᠴᠢ ᠲᠥᠷᠥᠯ ᠵᠦᠢᠯ ᠢ ᠪᠠᠶᠢᠭᠤᠯᠤᠭᠰᠠᠨ  ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠢᠳᠡᠪᠬᠢᠲᠡᠢ ᠪᠠᠷ ᠪᠡᠯᠡ ᠮᠥᠩᠭᠦ ᠣᠯᠵᠦ ᠠᠪᠴᠢᠷᠠᠨ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠶᠢᠴᠢᠯᠠᠬᠤ ᠵᠢᠴᠢ ᠡᠨᠧᠷᠭᠢ ᠶᠢᠨ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ  ᠠᠪᠴᠤ︾ ᠣᠨᠣᠪᠴᠢᠲᠠᠢ ᠦᠢᠯᠡᠴᠢᠯᠡᠨ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠳᠡᠮᠵᠢᠬᠦ ᠬᠡᠷᠡᠭᠲᠡᠢ᠃ ᠪᠣᠳᠠᠰ ᠤᠨ ᠬᠤᠪᠢ ᠬᠤᠷᠠᠮᠳᠤᠭᠤᠯᠬᠤ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ ᠬᠡᠷᠡᠭᠲᠡᠢ᠃ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠪᠣᠳᠠᠲᠤ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ︽ᠠᠮᠢ ᠠᠬᠤᠢ ᠣᠷᠴᠢᠨ ᠲᠣᠭᠤᠷᠢᠨ ᠤ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠭᠠᠷᠭᠠᠭᠰᠠᠨ ᠵᠢᠯ︾ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠠᠵᠢᠯ ᠤᠨ ᠳᠤᠲᠠᠭᠤᠳᠠᠯ ᠢ ᠨᠥᠬᠦᠪᠦᠷᠢᠯᠡᠨ᠂ ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ ᠲᠦᠷᠦᠯ ᠲᠡᠮᠳᠡᠭ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠤᠯᠤᠰ ᠲᠥᠷᠥ ᠶᠢᠨ ᠵᠣᠭᠰᠣᠴᠠ ᠪᠠᠨ  ᠳᠡᠭᠡᠭᠰᠢᠯᠡᠭᠦᠯᠵᠦ᠂ ᠭᠦᠨᠵᠡᠭᠡᠢ ᠰᠤᠷᠤᠯᠴᠠᠵᠤ ᠣᠶᠢᠯᠠᠭᠠᠨ᠂ ᠬᠢᠨᠠᠮᠠᠭᠠᠢ ᠲᠣᠭᠤᠰᠢᠯᠠᠭᠤᠯᠤᠨ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ  ᠦᠨᠡᠨᠬᠦ ᠠᠭᠤᠰᠬᠠᠨ᠂ ᠪᠠᠶᠢᠩᠭᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠤᠯᠠᠨ ᠲᠦᠮᠡᠨ ᠤ ᠳᠡᠷᠭᠡᠳᠡᠬᠢ ᠨᠢᠭᠡ ᠪᠦᠯᠦᠭ ᠪᠣᠳᠠᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠷᠠᠳ ᠤᠯᠠᠨ ᠳᠤ ᠦᠨᠡᠨ ᠪᠣᠳᠠᠲᠠᠢ ᠦᠷ᠎ᠡ ᠪᠦᠲᠦᠮᠵᠢ ᠶᠢ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ︽ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠪᠡ᠃      ᠬᠤᠷᠠᠯ ᠳᠤ ᠪᠠᠰᠠ ᠪᠤᠰᠤᠳ ᠵᠦᠢᠯ ᠢ ᠰᠤᠳᠤᠯᠪᠠ᠃ 
ᠢᠷᠡᠯᠲᠡ᠄ ᠣᠲᠤᠭ ᠨᠡᠶᠢᠲᠡᠯᠡᠯ