ᠭᠤᠸ ᠬᠤᠸᠠᠢ ᠵᠢᠩ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠬᠦ᠂ ᠡᠯᠡᠰᠦ ᠶᠢ ᠰᠡᠷᠭᠡᠶᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2024/5/8
      5 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠤ᠂ ᠰᠦᠮᠡᠲᠦ ᠰᠤᠮᠤ᠂ ᠠᠷᠪᠠᠰ ᠰᠤᠮᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠬᠦ᠂ ᠡᠯᠡᠰᠦ ᠶᠢ ᠰᠡᠷᠭᠡᠶᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠭᠤᠸ ᠬᠤᠸᠠᠢ ᠵᠢᠩ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠥᠷᠲᠡᠭᠡ᠂ ᠦᠬᠡᠷ ᠤᠨ ᠲᠤᠰᠬᠠᠢ ᠡᠮᠨᠡᠯᠭᠡ ᠶᠢᠨ  ᠬᠤᠷᠢᠶᠠᠨ ᠳᠤ ᠬᠦᠷᠴᠦ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠢᠯᠭᠠᠨ ᠪᠠᠶᠢᠴᠠᠭᠠᠵᠤ ᠬᠡᠮᠵᠢᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠨ ᠪᠡᠶᠡᠯᠡᠭᠦᠯᠬᠦ ᠬᠡᠷᠡᠭᠲᠡᠢ᠃ ᠤᠯᠤᠰ ᠤᠨ ᠨᠣᠣᠰᠣ ᠨᠤᠤᠯᠤᠭᠤᠷ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠲᠥᠪ ᠤᠨ ᠣᠷᠳᠣᠰ ᠬᠤᠰᠢᠭᠤᠨ ᠤ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠨᠣᠣᠯᠣᠭᠤᠷ ᠢ ᠣᠨᠣᠪᠴᠢᠲᠠᠢ ᠪᠠᠷ ᠲᠦᠷᠭᠡᠨ ᠰᠢᠯᠭᠠᠨ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠢ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠵᠤ᠂ ᠠᠮᠢᠲᠠᠨ ᠤ ᠬᠢᠵᠢᠭ ᠢ ᠣᠨᠣᠰᠢᠯᠠᠨ ᠡᠮᠨᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃      ᠭᠤᠤ ᠬᠤᠸᠠᠢ ᠵᠢᠩ ᠼᠤᠤ ᠯᠢᠦᠢ ᠺᠣᠮᠫᠠᠨᠢ ᠶᠢᠨ ᠠᠯᠠᠰᠢᠨ ᠬᠤᠨᠢ ᠬᠤᠳᠠᠯᠳᠤᠨ ᠠᠪᠬᠤ ᠭᠠᠵᠠᠷ ᠵᠢᠴᠢ ᠲᠡᠵᠢᠭᠡᠨ ᠦᠷᠡᠵᠢᠭᠦᠯᠬᠦ ᠡᠷᠦᠬᠡ ᠳᠠᠯᠠᠢ᠂ ᠪᠠᠶᠠᠨᠳᠠᠯᠠᠢ ᠪᠠ ᠬᠤᠩ ᠶᠣᠣ ᠶᠢᠨ ᠭᠡᠷ ᠲᠤ ᠬᠦᠷᠴᠦ᠂ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠢ ᠲᠤᠰᠠᠯᠠᠵᠤ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠬᠢᠶᠠᠯᠠᠭ᠎ᠠ ᠪᠠᠷ ᠲᠡᠵᠢᠭᠡᠨ ᠦᠷᠡᠵᠢᠭᠦᠯᠬᠦ᠂ ᠪᠠᠲᠤᠯᠠᠭᠠᠲᠤ ᠦᠨ᠎ᠡ ᠪᠠᠷ ᠬᠤᠷᠢᠶᠠᠨ ᠠᠪᠴᠢᠷᠠᠬᠤ ᠵᠠᠭᠪᠤᠷ ᠢ ᠳᠡᠯᠭᠡᠷᠡᠭᠦᠯᠵᠦ᠂ ᠮᠠᠯᠴᠢᠨ ᠲᠠᠷᠢᠶᠠᠴᠢᠨ ᠢ ᠬᠠᠪᠰᠤᠷᠤᠨ ᠮᠠᠯ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠥᠨᠳᠥᠷ ᠵᠢᠴᠢ ᠪᠣᠷᠤᠯᠠᠭᠤᠯᠭ᠎ᠠ ᠬᠦᠴᠢᠷᠲᠡᠢ ᠪᠠᠶᠢᠭ᠎ᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃      ᠭᠤᠤ ᠬᠤᠸᠠᠢ ᠵᠢᠩ ᠮᠠᠯᠴᠢᠨ ᠬᠦᠰᠡᠯᠡᠩᠲᠦ ᠪᠠ ᠬᠠᠰᠪᠠᠶᠠᠷ ᠤᠨ ᠬᠢᠨ ᠳᠤ ᠬᠦᠷᠴᠦ᠂ ᠵᠢᠭᠡᠯᠡᠯᠭᠡ ᠶᠢᠨ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠡᠨᠡ ᠵᠢᠯ ᠪᠣᠯ ᠪᠥᠬᠦ ᠬᠤᠰᠢᠭᠤᠨ ᠤ ᠮᠠᠯᠴᠢᠨ  ᠲᠠᠷᠢᠶᠠᠴᠢᠨ ᠤ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠵᠦ ᠣᠷᠣᠯᠭ᠎ᠠ ᠶᠢ ᠨᠡᠮᠡᠭᠳᠡᠭᠦᠯᠬᠦ ᠵᠢᠯ ᠪᠣᠯᠬᠤᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠦᠷᠢᠯᠳᠦᠭᠦᠯᠵᠦ᠂ ᠳᠣᠣᠷ᠎ᠠ ᠬᠦᠦ ᠲᠠᠢ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠵᠢᠭᠡᠯᠡᠯᠭᠡ ᠲᠠᠯᠪᠢᠬᠤ ᠶᠡᠷᠦᠩᠬᠡᠢ ᠲᠤᠭ᠎ᠠ ᠶᠢ ᠰᠢᠨᠵᠢᠯᠡᠬᠦ ᠤᠬᠠᠭᠠᠨᠴᠢ ᠪᠠᠷ  ᠲᠣᠭᠲᠠᠭᠠᠵᠤ᠂ ᠪᠦᠬᠦ ᠬᠦᠴᠦᠨ ᠢᠶᠠᠷ ᠢᠶᠠᠨ ᠬᠦᠦ ᠮᠥᠩᠭᠦ ᠶᠢ ᠪᠠᠭᠤᠷᠠᠭᠤᠯᠤᠨ ᠵᠢᠭᠡᠯᠡᠯᠭᠡ ᠶᠢ ᠪᠠᠭᠠᠰᠬᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠮᠤᠤᠠᠤᠰᠤ ᠶᠢᠨ ᠡᠯᠡᠰᠦᠷᠬᠡᠭ ᠭᠠᠵᠠᠷ ᠤᠨ ᠡᠯᠡᠰᠦ ᠶᠢ ᠬᠤᠷᠢᠭᠯᠠᠬᠤ ᠪᠦᠰᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦ ᠶᠢ ᠰᠡᠷᠭᠡᠶᠢᠯᠡᠨ ᠵᠠᠰᠠᠭᠰᠠᠨ ᠠᠷᠭ᠎ᠠ ᠬᠡᠮᠵᠢᠶ᠎ᠡ᠂ ᠠᠬᠢᠴᠠ ᠪᠣᠯᠣᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠪᠣᠭᠤᠮᠲᠠ ᠰᠢᠪᠲᠤᠯᠬᠤ ᠬᠠᠨᠳᠤᠰᠢ ᠶᠢ ᠪᠤᠢ ᠪᠣᠯᠭᠠᠨ᠂ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠠᠵᠢᠯ  ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠰᠠᠯᠲᠠ ᠶᠢᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠪᠠᠶᠠᠯᠢᠭᠵᠢᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠶᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠯᠦᠭᠡ ᠨᠢᠭᠲᠠ ᠤᠶᠠᠯᠳᠤᠭᠤᠯᠤᠨ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠪᠦᠲᠦᠮᠵᠢᠲᠡᠶ ᠪᠡᠶᠡᠯᠡᠭᠦᠯᠬᠦ ᠬᠡᠷᠡᠭᠲᠡᠢ ᠭᠡᠪᠡ᠃      ᠭᠤᠸ ᠬᠤᠸᠠᠢ ᠵᠢᠩ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠠᠮᠲᠤ ᠪᠠᠷ ᠪᠠᠶᠠᠵᠢᠭᠰᠠᠨ ᠨᠡᠶᠢᠭᠡᠮ ᠲᠣᠭᠤᠷᠢᠭ᠂ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠲᠣᠮᠣ ᠮᠠᠯᠵᠢᠯ ᠤᠨ ᠲᠠᠯᠠᠪᠠᠢ︾ ᠶᠢᠨ ᠵᠠᠭᠪᠤᠷ ᠢ ᠳᠡᠯᠭᠡᠷᠡᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠠᠯᠠᠭᠤᠴᠤᠳ ᠤᠨ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠲᠦᠷᠭᠡᠨ ᠲᠣᠭᠲᠠᠭᠠᠵᠤ᠂ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠶᠢ ᠲᠡᠳᠬᠦᠨ ᠳᠡᠮᠵᠢᠬᠦ ᠬᠡᠷᠡᠭᠲᠡᠢ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠬᠤᠰᠢᠭᠤ ᠳᠡᠳ᠋ ᠳᠠᠷᠤᠭ᠎ᠠ ᠭᠦᠸᠧ ᠵᠣᠤ ᠬᠤᠶ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ