ᠵᠡᠭᠡᠷᠡᠨ ᠰᠢᠯᠪᠢ
ᠨᠡᠶᠢᠲᠡᠯᠡᠭᠰᠡᠨ ᠴᠠᠭ᠄
2024/5/8
      ᠪᠤᠷᠴᠠᠭ ᠤᠨ ᠢᠵᠠᠭᠤᠷ᠂ ᠬᠤᠨᠴᠢᠷ ᠤᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 7 — 8 ᠳ᠋ᠤᠭᠠᠷ ᠰᠠᠷ᠎ᠠ ᠳᠤ ᠴᠡᠴᠡᠭᠯᠡᠵᠦ᠂ 8 — 9 ᠳ᠋ᠦ᠋ᠭᠡᠷ ᠰᠠᠷ᠎ᠠ ᠳᠤ ᠦᠷᠡᠯᠡᠨ᠎ᠡ᠃      ᠳᠤᠮᠳᠠ ᠵᠡᠷᠭᠡ ᠶᠢᠨ ᠭᠠᠩᠰᠠᠭ ᠤᠷᠭᠤᠮᠠᠯ᠃ ᠪᠦᠬᠦ ᠬᠤᠰᠢᠭᠤᠨ ᠤ ᠡᠯ᠎ᠡ ᠭᠠᠵᠠᠷ ᠲᠤ ᠤᠷᠭᠤᠳᠠᠭ᠃      ᠨᠡᠯᠢᠶᠡᠳ ᠰᠠᠶᠢᠨ ᠲᠡᠵᠢᠭᠡᠯ ᠤᠷᠭᠤᠮᠠᠯ ᠮᠥᠨ᠃ ᠬᠠᠪᠤᠷ ᠨᠢᠯᠬ᠎ᠠ ᠦᠶ᠎ᠡ ᠳᠤᠨᠢ ᠬᠤᠨᠢ ᠢᠮᠠᠭ᠎ᠠ᠂ ᠦᠬᠡᠷ᠂ ᠠᠳᠤᠭᠤ ᠢᠳᠡᠬᠦ ᠳᠤᠷᠠᠲᠠᠢ᠃ ᠢᠳᠡᠬᠦ ᠨᠣᠷᠮ᠎ᠠ ᠨᠢ 80% ᠬᠦᠷᠦᠨ᠎ᠡ᠃ ᠴᠡᠴᠡᠭᠯᠡᠭᠰᠡᠨ ᠤ ᠳᠠᠷᠠᠭ᠎ᠠ ᠡᠰᠢ ᠨᠢ ᠢᠳᠡᠭ ᠢᠳᠡᠭ ᠢᠶᠠᠷ ᠬᠠᠲᠠᠭᠤᠷᠠᠨ᠎ᠠ᠂ ᠡᠨᠡ ᠦᠶ᠎ᠡ ᠳᠤ ᠢᠳᠡᠬᠦ ᠨᠣᠷᠮ᠎ᠠ ᠨᠢ 40% — 50% ᠪᠣᠯᠵᠦ ᠪᠠᠭᠤᠷᠠᠨ᠎ᠠ᠃ ᠲᠡᠮᠡᠭᠡ ᠳᠥᠷᠪᠡᠨ ᠤᠯᠠᠷᠢᠯ ᠳᠤ ᠪᠦᠷ ᠢᠳᠡᠨ᠎ᠡ᠂ ᠲᠡᠷᠡ ᠮᠥᠷᠲᠡᠭᠡᠨ ᠲᠠᠷᠭᠤ ᠠᠪᠤᠭᠤᠯᠬᠤ ᠡᠪᠡᠰᠦ ᠶᠢᠨ ᠨᠢᠭᠡ ᠨᠢ ᠮᠥᠨ᠃ ᠲᠤᠰ ᠡᠪᠡᠰᠦ ᠶᠢ ᠬᠦᠷᠦᠰᠦ ᠬᠠᠮᠠᠭᠠᠯᠠᠬᠤ ᠤᠷᠭᠤᠮᠠᠯ ᠪᠣᠯᠭᠠᠵᠤ ᠪᠣᠯᠣᠨ᠎ᠠ᠃ ᠪᠦᠬᠦᠯᠢ ᠡᠪᠡᠰᠦ ᠨᠢ ᠡᠮ ᠳᠤ ᠣᠷᠣᠨ᠎ᠠ᠃                                       ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ