ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠲᠤᠭ ᠬᠤᠰᠢᠭᠤᠨ ᠤ ᠣᠨ ᠤ ᠣᠶᠢᠯᠠᠪᠤᠷᠢ︾ ᠪᠣᠯ ᠣᠨ ᠤ ᠳᠠᠷᠠᠭᠠᠯᠠᠯ ᠢᠶᠠᠷ ᠨᠠᠶᠢᠷᠠᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ᠂ ᠮᠠᠲ᠋ᠧᠷᠢᠶᠠᠯ ᠤᠨ | ᠴᠢᠨᠠᠷᠲᠠᠢ ᠭᠠᠷ ᠠᠪᠤᠯᠭ᠎ᠠ ᠶᠢᠨ ᠨᠣᠮ ᠪᠠᠶᠢᠵᠤ᠂ ᠣᠨ ᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ | ᠲᠤᠰᠬᠠᠭᠰᠠᠨ ᠨᠡᠯᠢᠶᠡᠳ ᠥᠨᠳᠥᠷ ᠮᠡᠳᠡᠭᠡ ᠵᠠᠩᠭᠢ ᠪᠠ ᠲᠡᠦᠬᠡ ᠶᠢᠨ ᠮᠠᠲ᠋ᠧᠷᠢᠶᠠᠯ ᠤᠨ ᠦᠨ᠎ᠡ ᠥᠷᠲᠡᠭ ᠲᠠᠢ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠣᠭᠤᠰᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠤ ᠦᠢᠯᠡᠪᠦᠷᠢ | ᠨᠠᠶᠢᠷᠠᠭᠤᠯᠬᠤ ᠠᠵᠢᠯ ᠢ ᠴᠢᠩᠭᠠᠳᠬᠠᠬᠤ ᠲᠤᠬᠠᠢ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠣᠲᠤᠭ ᠬᠤᠰᠢᠭᠤᠨ ᠤ ᠣᠨ ᠤ ᠣᠶᠢᠯᠠᠪᠤᠷᠢ︾ ᠶᠢ ᠨᠠᠷᠢᠨ ᠬᠢᠨᠠᠮᠠᠭᠠᠢ᠂ ᠴᠢᠨᠠᠷᠲᠠᠢ ᠨᠠᠶᠢᠷᠠᠭᠤᠯᠬᠤ ᠶᠢᠨ ᠬᠠᠮᠲᠤ ︽ᠥᠪᠥᠷ ᠮᠣᠩᠭᠤᠯ ᠤᠨ ᠣᠨ ᠤ ᠣᠶᠢᠯᠠᠪᠤᠷᠢ ︵ | 2024 ᠪᠣᠳᠢ︶︾᠂ ︽ᠣᠷᠳᠣᠰ ᠤᠨ ᠣᠨ ᠤ ᠣᠶᠢᠯᠠᠪᠤᠷᠢ ︵2024 ᠪᠣᠳᠢ︶︾ ᠶᠢ ᠨᠠᠶᠢᠷᠠᠭᠤᠯᠬᠤ ᠵᠢᠴᠢ ᠰᠢᠨ᠎ᠡ ᠨᠢᠭᠡ ᠡᠭᠡᠯᠵᠢ ᠶᠢᠨ ︽ᠣᠲᠤᠭ | ᠬᠤᠰᠢᠭᠤᠨ ᠤ ᠣᠶᠢᠯᠠᠯᠭ᠎ᠠ︾ ᠶᠢ ᠨᠠᠶᠢᠷᠠᠭᠤᠯᠬᠤ ᠳᠤ ᠣᠨᠣᠪᠴᠢᠲᠠᠶ ᠪᠥᠭᠡᠳ ᠨᠠᠷᠢᠨ ᠪᠣᠳᠠᠲᠠᠢ ᠰᠠᠭᠤᠷᠢ ᠮᠠᠲ᠋ᠧᠷᠢᠶᠠᠯ ᠬᠠᠩᠭᠠᠬᠤ ᠶᠢᠨ ᠲᠤᠰᠠᠳᠠ᠂ ᠡᠳᠦᠭᠡ ︽ᠣᠲᠤᠭ | ᠬᠤᠰᠢᠭᠤᠨ ᠤ ᠣᠨ ᠤ ᠣᠶᠢᠯᠠᠪᠤᠷᠢ ︵2024 ᠪᠣᠳᠢ︶︾ ᠶᠢᠨ ᠡᠬᠡ ᠪᠢᠴᠢᠭ ᠬᠠᠩᠭᠠᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠤᠴᠢᠷ ᠢ ᠳᠣᠣᠷᠠᠬᠢ | ᠮᠡᠲᠦ ᠮᠡᠳᠡᠭᠳᠡᠶ᠎ᠡ᠃ | ᠨᠢᠭᠡ᠂ ᠡᠷᠬᠢᠯᠡᠨ ᠨᠠᠶᠢᠷᠠᠭᠤᠯᠬᠤ ᠨᠢᠭᠡᠴᠢ | ᠬᠤᠰᠢᠭᠤᠨ ᠤ ᠨᠠᠮ ᠤᠨ ᠬᠤᠷᠢᠶ᠎ᠠ ︵ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠪᠠᠶᠢᠭᠤᠯᠭ᠎ᠠ ᠶᠢ ᠪᠠᠭᠲᠠᠭᠠᠨ᠎ᠠ︶᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ︵ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ ᠶᠢ ᠪᠠᠭᠲᠠᠭᠠᠨ᠎ᠠ︶᠂ ᠤᠯᠤᠰ ᠲᠥᠷᠥ ᠶᠢᠨ | ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠰᠤᠮᠤ ᠪᠠᠯᠭᠠᠰᠤ ᠪᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠮᠥᠩᠭᠦᠨ ᠭᠦᠢᠯᠭᠡᠭᠡ ᠴᠢᠮᠡᠭᠡ ᠬᠤᠯᠪᠣᠭ᠎ᠠ ᠳᠠᠭᠠᠳᠬᠠᠯ ᠤᠨ ᠪᠠᠶᠢᠭᠤᠯᠤᠮᠵᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ︵ᠳᠠᠭᠠᠯᠳᠤᠭᠤᠯᠤᠯ 1︶᠃ | ᠬᠤᠶᠠᠷ᠂ ᠲᠡᠮᠳᠡᠭᠯᠡᠬᠦ ᠴᠠᠭ | ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯᠠᠬᠢ ᠭᠤᠣᠯ ᠠᠵᠢᠯ ᠤᠨ ᠠᠭᠤᠯᠭ᠎ᠠ ᠪᠠ ᠬᠠᠮᠢᠶ᠎ᠠ ᠪᠦᠬᠦᠢ ᠪᠠᠶᠢᠳᠠᠯ ᠢ ᠲᠡᠮᠳᠡᠭᠯᠡᠨ᠎ᠡ᠃ | ᠡᠬᠡ ᠪᠢᠴᠢᠭ ᠬᠠᠩᠭᠠᠬᠤ ᠠᠭᠤᠯᠭ᠎ᠠ ᠶᠢ ᠵᠠᠷᠴᠢᠮ ᠳᠡᠭᠡᠷ᠎ᠡ ᠪᠠᠨ ᠲᠣᠭᠲᠠᠭᠠᠭᠰᠠᠨ ᠴᠠᠭ ᠠᠴᠠ ᠬᠡᠲᠦᠷᠡᠭᠦᠯᠵᠦ ᠪᠣᠯᠬᠤ ᠦᠭᠡᠢ᠃ | ᠭᠤᠷᠪᠠ᠂ ᠭᠤᠣᠯ ᠠᠭᠤᠯᠭ᠎ᠠ ᠪᠠ ᠲᠡᠮᠳᠡᠭᠯᠡᠬᠦ ᠬᠡᠯᠪᠡᠷᠢ | ᠣᠨ ᠤ ᠦᠢᠯᠡᠪᠦᠷᠢ ᠳᠤ ᠪᠠᠶᠢᠭᠤᠯᠭ᠎ᠠ ᠨᠢᠭᠡᠴᠢ ᠶᠢᠨ ᠭᠤᠣᠯ ᠴᠢᠳᠠᠪᠬᠢ ᠶᠢᠨ ᠠᠵᠢᠯ ᠢ ᠲᠡᠮᠳᠡᠭᠯᠡᠬᠦ ᠶᠢ ᠴᠢᠬᠤᠯᠠᠴᠢᠯᠠᠬᠤ ᠬᠡᠷᠡᠭᠲᠡᠢ᠃ | ᠣᠨ ᠤ ᠦᠢᠯᠡᠪᠦᠷᠢ ᠶᠢᠨ ᠠᠭᠤᠯᠭ᠎ᠠ ᠶᠢ ᠲᠡᠮᠳᠡᠭᠯᠡᠬᠦ ᠳᠤ ᠣᠯᠠᠨ ᠵᠦᠢᠯ ᠤᠨ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠡᠩ ᠤᠨ ᠪᠠᠶᠢᠳᠠᠯ ᠳᠤ ᠵᠤᠷᠪᠤᠰ ᠢᠶᠠᠷ | ᠦᠨᠳᠦᠰᠦᠨ ᠲᠡᠮᠳᠡᠭᠯᠡᠯ ᠤᠨ ᠨᠢᠭᠡᠴᠢ ᠪᠣᠯᠭᠠᠬᠤ ᠬᠡᠷᠡᠭᠲᠡᠢ᠃ ᠨᠢᠭᠡ ᠬᠤᠪᠢᠶᠠᠷᠢ ᠭᠠᠷᠴᠠᠭ ᠲᠤ ᠬᠤᠶᠠᠷ ᠠᠴᠠ ᠳᠡᠭᠡᠭᠰᠢ ᠵᠤᠷᠪᠤᠰ ᠤᠳ ᠪᠢᠴᠢᠵᠦ ᠣᠷᠣᠭᠤᠯᠤᠨ᠎ᠠ᠃ | ᠵᠤᠷᠪᠤᠰ ᠢ ᠶᠡᠷᠦᠩᠬᠡᠶᠢᠯᠡᠭᠰᠡᠨ ᠵᠤᠷᠪᠤᠰ ᠪᠠ ᠳᠠᠩ ᠵᠤᠷᠪᠤᠰ ᠭᠡᠵᠦ ᠬᠤᠪᠢᠶᠠᠨ᠎ᠠ᠃ ᠶᠡᠷᠦᠩᠬᠡᠶᠢᠯᠡᠭᠰᠡᠨ ᠵᠤᠷᠪᠤᠰ ᠨᠢ ᠣᠨ ᠤ ᠳᠣᠲᠣᠷᠠᠬᠢ ᠡᠯ᠎ᠡ ᠬᠦᠷᠢᠶᠡᠨ ᠳᠠᠬᠢ | ᠬᠥᠭᠵᠢᠯᠲᠡ ᠬᠤᠪᠢᠷᠠᠯᠲᠠ ᠶᠢᠨ ᠶᠡᠷᠦᠩᠬᠡᠢ ᠪᠠᠶᠢᠳᠠᠯ ᠪᠣᠯᠣᠨ ᠭᠤᠣᠯ ᠣᠨᠴᠠᠯᠢᠭ ᠢ ᠲᠤᠰᠬᠠᠵᠤ᠂ ᠳᠡᠭᠡᠳᠦ ᠬᠡᠮᠵᠢᠶᠡᠨ ᠤ ᠬᠤᠷᠢᠶᠠᠩᠭᠤᠶᠢᠯᠠᠬᠤ ᠴᠢᠨᠠᠷᠲᠠᠢ ᠪᠠᠶᠢᠳᠠᠭ᠂ | ᠶᠡᠷᠦ ᠳᠡᠭᠡᠨ ᠦᠨᠳᠦᠰᠦᠨ ᠪᠠᠶᠢᠳᠠᠯ᠂ ᠭᠤᠣᠯ ᠦᠷ᠎ᠡ ᠪᠦᠲᠦᠮᠵᠢ᠂ ᠣᠨ ᠤ ᠣᠨᠴᠠᠯᠢᠭ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠪᠠᠭᠲᠠᠭᠠᠨ᠎ᠠ︔ ᠳᠠᠩ | ᠵᠤᠷᠪᠤᠰ ᠨᠢ ᠨᠢᠭᠡ ᠤᠴᠢᠷ ᠲᠤ ᠨᠢᠭᠡ ᠵᠤᠷᠪᠤᠰ ᠬᠠᠳᠠᠵᠦ᠂ ᠴᠠᠭ᠂ ᠭᠠᠵᠠᠷ᠂ ᠬᠦᠮᠦᠨ᠂ ᠤᠴᠢᠷ ᠶᠠᠪᠤᠳᠠᠯ᠂ ᠦᠷ᠎ᠡ ᠳ᠋ᠦᠩ ᠵᠡᠷᠭᠡ ᠦᠨᠳᠦᠰᠦᠨ ᠡᠯᠧᠮᠧᠨ᠋ᠲ ᠢ | ᠪᠦᠷᠢᠳᠦᠭᠦᠯᠦᠨ᠎ᠡ᠃ | ᠵᠤᠷᠪᠤᠰ ᠤᠨ ᠰᠡᠳᠦᠪ ᠪᠠ ᠮᠠᠲ᠋ᠧᠷᠢᠶᠠᠯ ᠰᠣᠩᠭᠤᠬᠤ ᠳᠠᠭᠠᠨ ᠮᠠᠲ᠋ᠧᠷᠢᠶᠠᠯ ᠤᠨ ᠬᠦᠴᠦᠨ ᠲᠠᠢ ᠴᠢᠨᠠᠷ᠂ ᠨᠡᠶᠢᠲᠡᠯᠢᠭ ᠴᠢᠨᠠᠷ᠂ ᠰᠢᠨ᠎ᠡ ᠰᠣᠷᠭᠤᠭ ᠴᠢᠨᠠᠷ ᠪᠠ | ᠦᠷᠭᠦᠯᠵᠢᠯᠡᠬᠦ ᠴᠢᠨᠠᠷ ᠢ ᠴᠢᠬᠤᠯᠠᠴᠢᠯᠠᠬᠤ ᠬᠡᠷᠡᠭᠲᠡᠢ᠃ ᠵᠤᠷᠪᠤᠰ ᠤᠨ ᠭᠠᠷᠴᠠᠭ ᠨᠢ ᠵᠤᠷᠪᠤᠰ ᠤᠨ ᠭᠤᠣᠯ ᠠᠭᠤᠯᠭ᠎ᠠ ᠶᠢ ᠣᠨᠣᠪᠴᠢᠲᠠᠢ ᠬᠤᠷᠢᠶᠠᠩᠭᠤᠶᠢᠯᠠᠵᠤ᠂ ᠦᠭᠡ | ᠥᠭᠦᠯᠡᠪᠦᠷᠢ ᠨᠢ ᠳᠥᠭᠦᠮ ᠠᠪᠰᠠᠷᠬᠠᠨ ᠪᠠᠶᠢᠵᠦ᠂ ᠭᠤᠣᠯ ᠦᠭᠡ ᠶᠢ ᠡᠩ ᠤᠨ ᠪᠠᠶᠢᠳᠠᠯ ᠳᠤ ᠲᠡᠷᠢᠭᠦᠨ ᠳᠤ ᠪᠠᠶᠢᠷᠢᠯᠠᠭᠤᠯᠬᠤ ᠬᠡᠷᠡᠭᠲᠡᠢ᠂ ᠳ᠋ᠦᠩᠨᠡᠯᠲᠡ ᠶᠢᠨ ᠬᠡᠯᠪᠡᠷᠢ᠂ | ᠤᠷᠢᠶ᠎ᠠ ᠶᠢᠨ ᠬᠡᠯᠪᠡᠷᠢ ᠵᠡᠷᠭᠡ ᠢᠯᠡᠳᠬᠡᠬᠦ ᠠᠷᠭ᠎ᠠ ᠶᠢ ᠬᠡᠷᠡᠭᠯᠡᠵᠦ ᠪᠣᠯᠬᠤ ᠦᠭᠡᠢ᠃ | ᠵᠤᠷᠪᠤᠰ ᠤᠨ ᠠᠭᠤᠯᠭ᠎ᠠ ᠨᠢ ᠦᠨᠡᠨ ᠪᠣᠳᠠᠲᠠᠢ᠂ ᠬᠡᠯᠪᠡᠷᠢ ᠨᠢ ᠳᠦᠷᠢᠮᠵᠢᠯ ᠲᠠᠢ᠂ ᠦᠭᠡ ᠥᠭᠦᠯᠡᠪᠦᠷᠢ ᠨᠢ ᠠᠪᠰᠠᠷᠬᠠᠨ ᠪᠠᠶᠢᠬᠤ ᠬᠡᠷᠡᠭᠲᠡᠢ᠃ ᠬᠡᠷᠪᠡ ᠨᠢᠭᠡ | ᠵᠤᠷᠪᠤᠰ ᠤᠨ ᠠᠭᠤᠯᠭ᠎ᠠ ᠨᠢ ᠤᠯᠠᠨ ᠲᠠᠯ᠎ᠠ ᠳᠤ ᠬᠤᠯᠪᠣᠭᠳᠠᠭᠰᠠᠨ ᠪᠥᠭᠡᠳ ᠦᠰᠦᠭ ᠪᠢᠴᠢᠭ ᠨᠢ ᠨᠡᠯᠢᠶᠡᠳ ᠤᠯᠠᠨ ᠪᠠᠶᠢᠪᠠᠯ᠂ ᠲᠠᠯ᠎ᠠ ᠪᠦᠷᠢ ᠶᠢᠨ ᠠᠭᠤᠯᠭ᠎ᠠ ᠶᠢ | ᠠᠰᠲᠠᠭᠠᠨ ᠵᠢᠵᠢᠭ ᠭᠠᠷᠴᠠᠭ ᠪᠤᠶᠤ ᠬᠡᠰᠡᠭ ᠪᠦᠯᠦᠭ ᠭᠠᠷᠭᠠᠨ ᠲᠡᠮᠳᠡᠭᠯᠡᠵᠦ ᠪᠣᠯᠣᠨ᠎ᠠ᠃ | ︵ᠨᠢᠭᠡ︶ ᠤᠳᠤᠷᠢᠳᠤᠯᠭ᠎ᠠ ᠶᠢᠨ ᠨᠡᠷᠡᠰ | ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠪᠣᠳᠠᠲᠤ ᠲᠤᠰᠢᠶᠠᠯ ᠲᠠᠢ ᠤᠳᠤᠷᠢᠳᠬᠤ ᠲᠤᠰᠢᠶᠠᠯ᠂ ᠣᠪᠣᠭ ᠨᠡᠷ᠎ᠡ ᠵᠢᠴᠢ ᠲᠤᠰᠢᠶᠠᠯ ᠡᠭᠦᠷᠭᠡᠯᠡᠭᠰᠡᠨ ᠪᠠ ᠲᠤᠰᠢᠶᠠᠯ | ᠠᠴᠠ ᠪᠠᠨ ᠰᠠᠯᠤᠭᠰᠠᠨ ᠴᠠᠭ ︵2023 ᠣᠨ ᠤ ᠳᠣᠲᠣᠷ᠎ᠠ ᠬᠢᠵᠠᠭᠠᠷᠯᠠᠨ᠎ᠠ᠂ ᠴᠠᠭ ᠢ ᠰᠠᠷ᠎ᠠ ᠬᠦᠷᠲᠡᠯ᠎ᠡ ᠣᠨᠣᠪᠴᠢᠲᠠᠶ ᠪᠢᠴᠢᠨ᠎ᠡ︶ ᠢ ᠬᠠᠩᠭᠠᠵᠤ᠂ ᠡᠮᠡᠭᠲᠡᠢ ᠺᠠᠳ᠋ᠷ | ᠪᠠ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠲᠣᠳᠣᠷᠬᠠᠶᠢᠯᠠᠬᠤ ᠴᠢᠬᠤᠯᠠᠲᠠᠢ᠃ | ︵ᠬᠤᠶᠠᠷ︶ ᠲᠣᠪᠴᠢᠯᠠᠯ | ⒈ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠲᠣᠰ ᠨᠢᠭᠡᠴᠢ ᠶᠢᠨ ᠢᠶᠠᠨ 2023 ᠣᠨ ᠤ ᠠᠵᠢᠯ ᠤᠨ ᠶᠡᠷᠦᠩᠬᠡᠢ ᠪᠠᠶᠢᠳᠠᠯ ᠪᠤᠶᠤ ᠠᠵᠢᠯ ᠤᠨ | ᠭᠤᠣᠯᠳᠠᠯᠭ᠎ᠠ ᠵᠡᠷᠭᠡ ᠠᠭᠤᠯᠭ᠎ᠠ ᠶᠢ ᠲᠣᠪᠴᠢ ᠲᠣᠳᠣᠷᠬᠠᠢ ᠬᠤᠷᠢᠶᠠᠩᠭᠤᠶᠢᠯᠠᠨ ᠥᠭᠦᠯᠡᠬᠦ ᠬᠡᠷᠡᠭᠲᠡᠢ᠃ | ⒉ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠲᠤᠰ ᠨᠢᠭᠡᠴᠢ ᠶᠢᠨ ᠢᠶᠠᠨ ᠭᠤᠣᠯ ᠡᠭᠦᠷᠭᠡ ᠬᠠᠷᠢᠭᠤᠴᠠᠯᠭ᠎ᠠ᠂ ᠪᠠᠶᠢᠭᠤᠯᠤᠭᠰᠠᠨ ᠴᠠᠭ᠂ | ᠪᠠᠶᠢᠭᠤᠯᠤᠮᠵᠢ ᠶᠢ ᠬᠠᠰᠤᠵᠤ ᠨᠡᠶᠢᠯᠡᠭᠦᠯᠦᠭᠰᠡᠨ ᠪᠠᠶᠢᠳᠠᠯ᠂ ᠣᠷᠣᠨ ᠲᠤᠭ᠎ᠠ ᠶᠢᠨ ᠪᠠᠶᠢᠳᠠᠯ᠂ ᠳᠣᠲᠣᠭᠠᠳᠤ ᠪᠠᠶᠢᠭᠤᠯᠤᠮᠵᠢ᠂ ᠬᠠᠷᠢᠶᠠᠯᠠᠭᠳᠠᠬᠤ ᠨᠢᠭᠡᠴᠢ᠂ ᠠᠵᠢᠯ ᠤᠨ | ᠬᠢᠯᠠᠰ ᠴᠡᠭ ᠵᠡᠷᠭᠡ ᠲᠠᠯ᠎ᠠ ᠪᠠᠷ ᠲᠣᠪᠴᠢ ᠥᠭᠦᠯᠡᠬᠦ ᠬᠡᠷᠡᠭᠲᠡᠢ᠃ ᠪᠠᠶᠢᠭᠤᠯᠤᠮᠵᠢ ᠶᠢ ᠬᠠᠰᠤᠵᠤ ᠨᠡᠶᠢᠯᠡᠭᠦᠯᠬᠦ ᠪᠠᠶᠢᠳᠠᠯ ᠳᠤ ᠬᠤᠯᠪᠣᠭᠳᠠᠭᠰᠠᠨ ᠨᠢᠭᠡᠴᠢ ᠨᠢ ᠪᠠᠶᠢᠭᠤᠯᠭ᠎ᠠ | ᠨᠢᠭᠡᠴᠢ ᠶᠢᠨ ᠬᠤᠪᠢᠶᠠᠷᠢᠯᠠᠨ ᠣᠷᠣᠭᠤᠯᠤᠭᠰᠠᠨ᠂ ᠬᠤᠪᠢᠶᠠᠷᠢᠯᠠᠨ ᠭᠠᠷᠭᠠᠭᠰᠠᠨ ᠪᠤᠶᠤ ᠨᠡᠮᠡᠭᠰᠡᠨ᠂ ᠬᠦᠴᠦᠨ ᠦᠭᠡᠢ ᠪᠣᠯᠭᠠᠭᠰᠠᠨ ᠦᠶ᠎ᠡ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ⒊ ᠡᠯ᠎ᠡ ᠰᠤᠮᠤ ᠪᠠᠯᠭᠠᠰᠤ ᠵᠢᠴᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠠᠰᠠ ᠭᠠᠵᠠᠷ ᠵᠦᠢ ᠶᠢᠨ ᠪᠠᠶᠢᠷᠢᠯᠠᠯ᠂ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ᠂ ᠲᠠᠯᠠᠪᠠᠶ᠂ ᠬᠥᠮᠥᠨ ᠠᠮᠠ᠂ ᠦᠨᠳᠦᠰᠦᠲᠡᠨ ᠤ ᠪᠦᠲᠦᠴᠡ᠂ ᠬᠦᠢᠰᠦ ᠶᠢᠨ ᠬᠠᠷᠢᠴᠠᠯ᠂ ᠡᠳ᠋ ᠤᠨ ᠵᠠᠰᠠᠭ ᠤᠨ ᠣᠷᠣᠯᠭ᠎ᠠ᠂ ᠬᠤᠲᠠ ᠪᠠᠯᠭᠠᠰᠤ ᠪᠠ | ᠮᠠᠯᠴᠢᠨ ᠲᠠᠷᠢᠶᠠᠴᠢᠨ ᠤ ᠣᠷᠣᠯᠭ᠎ᠠ᠂ ᠬᠡᠷᠡᠭᠯᠡᠭᠡᠨ ᠤ ᠲᠦᠪᠰᠢᠨ ᠵᠡᠷᠭᠡ ᠭᠤᠣᠯ ᠡᠯᠧᠮᠧᠨ᠋ᠲ ᠵᠢᠴᠢ ᠪᠥᠬᠦ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠲᠠᠰ ᠳᠠᠷᠠᠭᠠᠯᠠᠨ | ᠲᠣᠳᠣᠷᠬᠠᠶᠢᠯᠠᠬᠤ ᠬᠡᠷᠡᠭᠲᠡᠢ᠃ | ⒋ ᠠᠵᠤ ᠠᠬᠤᠶᠢᠯᠠᠯ ᠤᠨ ᠨᠢᠭᠡᠴᠢ ᠪᠦᠬᠦ ᠵᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠤᠣᠯᠴᠢᠯᠠᠨ ᠲᠡᠮᠳᠡᠭᠯᠡᠬᠦ ᠬᠡᠷᠡᠭᠲᠡᠢ᠃ | ︵ᠭᠤᠷᠪᠠ︶ ᠦᠨᠳᠦᠰᠦᠨ ᠵᠤᠷᠪᠤᠰ | ⒈ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠲᠤᠰ ᠨᠢᠭᠡᠴᠢ ᠶᠢᠨ ᠢᠶᠠᠨ ᠭᠤᠣᠯ ᠴᠢᠳᠠᠪᠬᠢ ᠪᠣᠯᠣᠨ ᠣᠨ ᠤ ᠠᠵᠢᠯ ᠤᠨ ᠣᠨᠴᠠᠯᠢᠭ ᠢᠶᠠᠨ | ᠦᠨᠳᠦᠰᠦᠯᠡᠨ᠂ ᠵᠤᠷᠪᠤᠰ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠪᠠᠶᠢᠷᠢᠯᠠᠭᠤᠯᠬᠤ ᠬᠡᠷᠡᠭᠲᠡᠢ᠃ ᠵᠤᠷᠪᠤᠰ ᠢ ᠲᠤᠰ ᠨᠢᠭᠡᠴᠢ ᠶᠢᠨ ᠢᠶᠠᠨ ᠣᠨ ᠤ ᠳ᠋ᠦᠩᠨᠡᠯᠲᠡ᠂ | ᠬᠠᠳᠠᠭᠠᠯᠠᠬᠤ ᠲᠡᠦᠬᠡ ᠶᠢᠨ ᠦᠷᠳᠡᠭ ᠲᠠᠢ ᠰᠠᠭᠤᠷᠢ ᠮᠠᠲ᠋ᠧᠷᠢᠶᠠᠯ ᠤᠨ ᠳᠣᠲᠣᠷ᠎ᠠ ᠠᠴᠠ ᠪᠣᠷᠣ ᠮᠠᠲ᠋ᠧᠷᠢᠶᠠᠯ ᠢ ᠭᠠᠷᠭᠠᠨ ᠠᠪᠴᠤ᠂ ᠰᠢᠯᠢᠨ ᠰᠣᠩᠭᠤᠬᠤ᠂ ᠡᠮᠬᠢᠳᠬᠡᠬᠦ | ᠪᠠ ᠪᠣᠯᠪᠠᠰᠤᠷᠠᠭᠤᠯᠬᠤ ᠪᠠᠷ ᠳᠠᠮᠵᠢᠭᠠᠳ ᠪᠦᠬᠦ ᠲᠠᠯ᠎ᠠ ᠶᠢ ᠲᠤᠰᠬᠠᠭᠰᠠᠨ ᠮᠥᠷᠲᠡᠭᠡᠨ ᠪᠠᠶᠢᠭᠤᠯᠭ᠎ᠠ ᠶᠢᠨ ᠲᠥᠯᠥᠭᠡᠯᠡᠬᠦ ᠴᠢᠨᠠᠷ ᠪᠠ ᠣᠨ ᠤ ᠮᠡᠳᠡᠭᠡ ᠵᠠᠩᠭᠢ ᠶᠢᠨ | ᠴᠢᠨᠠᠷ ᠢ ᠲᠤᠪᠤᠶᠢᠯᠭᠠᠬᠤ ᠦᠨᠳᠦᠰᠦᠨ ᠵᠤᠷᠪᠤᠰ ᠢ ᠪᠣᠢ ᠪᠣᠯᠭᠠᠨ᠎ᠠ᠃ | ⒉ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠲᠤᠰ ᠵᠢᠯ ᠤᠨ ᠴᠢᠬᠤᠯᠠ ᠬᠤᠷᠠᠯ᠂ ᠪᠠᠶᠢᠭᠤᠯᠤᠮᠵᠢ᠂ ᠪᠦᠲᠦᠭᠡᠭᠳᠡᠬᠦᠨ᠂ ᠬᠥᠮᠥᠰ ︵ᠲᠡᠷᠢᠭᠦᠨ ᠤ | ᠵᠢᠱᠢᠶᠡᠴᠢ᠂ ᠰᠣᠨᠢᠨ ᠮᠡᠳᠡᠭᠡᠨ ᠤ ᠠᠯᠳᠠᠷᠲᠤ ᠬᠥᠮᠥᠰ︶ ᠵᠢᠴᠢ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠵᠡᠷᠭᠡ ᠶᠢ ᠳᠠᠩ ᠵᠤᠷᠪᠤᠰ ᠪᠣᠯᠭᠠᠨ | ᠲᠣᠬᠢᠷᠠᠭᠤᠯᠤᠨ᠎ᠠ᠃ | ⒊ ᠡᠯ᠎ᠡ ᠲᠣᠮᠣ ᠠᠵᠤ ᠠᠬᠤᠶᠢᠯᠠᠯ ᠤᠳ ᠠᠵᠤ ᠠᠬᠤᠶᠢᠯᠠᠯ ᠤᠨ ᠦᠢᠯᠡᠳᠪᠦᠷᠢᠯᠡᠯ᠂ ᠡᠵᠡᠩᠨᠡᠯᠲᠡ ᠬᠠᠮᠢᠶᠠᠷᠤᠯᠲᠠ᠂ ᠡᠷᠳᠡᠮ ᠰᠢᠨᠵᠢᠯᠡᠭᠡᠨ ᠤ ᠨᠡᠭᠡᠭᠡᠨ | ᠬᠥᠭᠵᠢᠭᠦᠯᠦᠯᠲᠡ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢ ᠦᠨᠳᠦᠰᠦᠯᠡᠨ ᠵᠤᠷᠪᠤᠰ ᠢ ᠲᠣᠬᠢᠷᠠᠭᠤᠯᠵᠤ᠂ ᠵᠤᠷᠪᠤᠰ ᠲᠤ ᠠᠵᠤ ᠠᠬᠤᠢ ᠶᠢᠨ ᠭᠦᠢᠴᠡᠳᠬᠡᠯ ᠲᠤᠭ᠎ᠠ᠂ | ᠰᠠᠭᠤᠷᠢ ᠪᠦᠲᠦᠭᠡᠨ ᠪᠠᠶᠢᠭᠤᠯᠤᠯᠲᠠ ᠪᠠ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠷ ᠲᠡᠮᠳᠡᠭᠯᠡᠬᠦ ᠬᠡᠷᠡᠭᠲᠡᠢ᠃ | ︵ᠳᠥᠷᠪᠡ︶ ᠵᠢᠷᠤᠭ᠂ ᠬᠦᠰᠦᠨᠦᠭᠲᠦ᠂ ᠬᠤᠶᠠᠷ ᠬᠡᠮᠵᠢᠯᠲᠦ ᠺᠣᠳ᠋ | ⒈ ᠵᠢᠷᠤᠭ᠃ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ 500K ᠠᠴᠠ ᠶᠡᠭᠡ᠂ ᠳᠦᠷᠰᠦ ᠶᠢᠨ ᠡᠯᠧᠮᠧᠨ᠋ᠲ ᠨᠢ 400 ᠲᠦᠮᠡ ᠠᠴᠠ ᠳᠡᠭᠡᠭᠰᠢ᠂ | JPG ᠬᠡᠯᠪᠡᠷᠢ ᠶᠢᠨ ᠣᠨᠴᠠ ᠲᠣᠳᠣ ᠤᠤᠯ ᠪᠣᠳᠤᠭᠲᠤ ᠵᠢᠷᠤᠭ ᠢ 2~3 ᠬᠤᠪᠢ ᠬᠠᠩᠭᠠᠬᠤ ᠬᠡᠷᠡᠭᠲᠡᠢ᠃ ᠲᠡᠮᠳᠡᠭᠯᠡᠯᠲᠦ ᠴᠢᠨᠠᠷ ᠢᠶᠠᠷ ᠴᠢᠩᠭ᠎ᠠ᠂ ᠭᠤᠣᠯ ᠰᠡᠳᠦᠪ | ᠲᠣᠪᠣᠶᠢᠮ᠎ᠠ ᠠᠵᠢᠯ ᠤᠨ ᠵᠢᠷᠤᠭ ᠢᠶᠠᠷ ᠭᠤᠣᠯ ᠪᠣᠯᠭᠠᠬᠤ ᠬᠡᠷᠡᠭᠲᠡᠢ︔ ᠨᠠᠶᠢᠷᠠᠭᠤᠯᠤᠨ ᠪᠢᠴᠢᠬᠦ ᠵᠤᠷᠪᠤᠰ ᠤᠨ ᠠᠭᠤᠯᠭ᠎ᠠ ᠯᠤᠭ᠎ᠠ ᠬᠤᠯᠪᠣᠭᠳᠠᠭᠤᠯᠬᠤ ᠶᠢᠨ ᠬᠠᠮᠲᠤ᠂ | ᠵᠢᠷᠤᠭ ᠤᠨ ᠲᠠᠶᠢᠯᠪᠤᠷᠢ ︵ᠴᠠᠭ᠂ ᠭᠠᠵᠠᠷ᠂ ᠬᠡᠷᠡᠭ ᠶᠠᠪᠤᠳᠠᠯ ᠵᠡᠷᠭᠡ ᠡᠯᠧᠮᠧᠨ᠋ᠲ ᠪᠦᠷᠢᠨ︶ ᠵᠢᠴᠢ ᠰᠡᠭᠦᠳᠡᠷᠯᠡᠭᠴᠢ ᠶᠢᠨ ᠣᠪᠣᠭ ᠨᠡᠷ᠎ᠡ ᠶᠢ ᠪᠢᠴᠢᠨ᠎ᠡ᠃ | ⒉ ᠬᠦᠰᠦᠨᠦᠭᠲᠦ᠃ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠦᠨᠳᠦᠰᠦᠯᠡᠨ ᠬᠠᠳᠠᠭᠠᠯᠠᠬᠤ | ᠲᠡᠦᠬᠡ ᠶᠢᠨ ᠥᠷᠲᠡᠭ ᠲᠠᠢ ᠬᠦᠰᠦᠨᠦᠭᠲᠦ ᠶᠢ ᠨᠠᠶᠢᠷᠠᠭᠤᠯᠤᠨ ᠮᠡᠳᠡᠭᠦᠯᠵᠦ ᠪᠣᠯᠣᠨ᠎ᠠ᠂ ᠬᠦᠰᠦᠨᠦᠭᠲᠦ ᠶᠢᠨ ᠲᠥᠷᠥᠯ ᠢᠯᠭᠠᠯ᠂ ᠵᠦᠢᠯᠡᠰ᠂ ᠬᠡᠮᠵᠢᠯᠲᠡ ᠶᠢᠨ ᠨᠢᠭᠡᠴᠢ | ᠵᠡᠷᠭᠡ ᠡᠯᠧᠮᠧᠨ᠋ᠲ ᠨᠢ ᠪᠦᠷᠢᠨ ᠭᠦᠢᠴᠡᠳ᠂ ᠨᠢᠭᠡᠳᠦᠯᠲᠡᠢ ᠵᠢᠷᠤᠮᠵᠢᠯ ᠲᠠᠢ ᠪᠠᠶᠢᠬᠤ ᠬᠡᠷᠡᠭᠲᠡᠢ᠃ | ⒊ ᠬᠤᠶᠠᠷ ᠬᠡᠮᠵᠢᠯᠲᠦ ᠺᠣᠳ᠋᠃ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠲᠣᠰ ᠨᠢᠭᠡᠴᠢ ᠶᠢᠨ ᠢᠶᠠᠨ ᠸᠢᠴᠠᠲ ᠤᠨ ᠨᠡᠶᠢᠲᠡ ᠶᠢᠨ ᠳ᠋ᠤᠭᠠᠷ ᠤᠨ ᠬᠤᠶᠠᠷ | ᠬᠡᠮᠵᠢᠯᠲᠦ ᠺᠣᠳ᠋ ᠢ ᠬᠠᠩᠭᠠᠬᠤ ᠬᠡᠷᠡᠭᠲᠡᠢ᠃ | ︵ᠲᠠᠪᠤ︶ ᠢᠷᠠᠭᠤ ᠠᠯᠳᠠᠷ | ᠬᠤᠲᠠ ᠶᠢᠨ ᠲᠠᠰ ᠠᠴᠠ ᠳᠡᠭᠡᠭᠰᠢᠬᠢ ᠱᠠᠩᠨᠠᠯ ᠭᠥᠷᠳᠡᠭᠰᠡᠨ ᠬᠠᠮᠲᠤ ᠨᠡᠶᠢᠲᠡ ᠪᠠ ᠬᠤᠪᠢ ᠬᠥᠮᠥᠨ᠂ ᠪᠥᠬᠦ ᠲᠠᠯ᠎ᠠ ᠶᠢᠨ ᠴᠢᠨᠠᠷᠲᠠᠢ ᠪᠤᠶᠤ ᠣᠨᠴᠠᠭᠠᠶ | ᠬᠦᠷᠢᠶᠡᠨ ᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠬᠢᠭᠦᠯᠦᠯ ᠱᠠᠩᠨᠠᠯ ᠢ ᠭᠥᠷᠳᠡᠭᠰᠡᠨ ᠲᠡᠷᠢᠭᠦᠨ ᠤ ᠬᠠᠮᠲᠤ ᠨᠡᠶᠢᠲᠡ᠂ ᠲᠡᠷᠢᠭᠦᠨ ᠤ | ᠬᠤᠪᠢ ᠬᠥᠮᠥᠨ᠂ ᠬᠥᠳᠡᠯᠮᠦᠷᠢ ᠶᠢᠨ ᠵᠢᠱᠢᠶᠡᠴᠢ ᠵᠡᠷᠭᠡ᠃ | ︵ᠵᠢᠷᠭᠤᠭ᠎ᠠ︶ ᠲᠣᠮᠣ ᠠᠵᠢᠯ ᠶᠠᠪᠤᠳᠠᠯ ᠤᠨ ᠲᠡᠮᠳᠡᠭᠯᠡᠯ | ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠭᠤᠣᠯᠳᠠᠭᠤ ᠲᠣᠰ ᠨᠢᠭᠡᠴᠢ ᠶᠢᠨ ᠢᠶᠠᠨ ᠴᠢᠬᠤᠯᠠ ᠨᠥᠯᠥᠭᠡ ᠪᠦᠬᠦᠢ ᠰᠢᠨ᠎ᠡ ᠤᠴᠢᠷ ᠶᠠᠪᠤᠳᠠᠯ᠂ ᠴᠢᠬᠤᠯᠠ | ᠲᠣᠮᠣ ᠤᠴᠢᠷ ᠶᠠᠪᠤᠳᠠᠯ᠂ ᠣᠨᠴᠠᠭᠠᠢ ᠤᠴᠢᠷ ᠶᠠᠪᠤᠳᠠᠯ᠂ ᠴᠠᠭ᠂ ᠭᠠᠵᠠᠷ ᠵᠡᠷᠭᠡ ᠡᠯᠧᠮᠧᠨ᠋ᠲ ᠢ ᠪᠦᠷᠢᠨ ᠪᠦᠲᠦᠨ ᠮᠡᠳᠡᠭᠦᠯᠦᠨ ᠬᠦᠷᠭᠡᠬᠦ ᠬᠡᠷᠡᠭᠲᠡᠢ᠃ | ᠳᠥᠷᠪᠡ᠂ ᠨᠠᠶᠢᠷᠠᠭᠤᠯᠤᠨ ᠪᠢᠴᠢᠬᠦ ᠱᠠᠭᠠᠷᠳᠠᠯᠭ᠎ᠠ | ︵ᠨᠢᠭᠡ︶ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠣᠨ ᠤ ᠦᠢᠯᠡᠪᠦᠷᠢ ᠨᠠᠶᠢᠷᠠᠭᠤᠯᠤᠨ ᠪᠢᠴᠢᠬᠦ ᠡᠬᠡ ᠪᠢᠴᠢᠭ ᠢ ᠬᠠᠩᠭᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠡᠬᠡ ᠪᠢᠴᠢᠭ ᠬᠠᠩᠭᠠᠬᠤ ᠶᠢ ᠠᠵᠢᠯ ᠢᠶᠠᠨ ᠡᠷᠭᠢᠴᠡᠭᠦᠯᠬᠦ᠂ ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ᠂ ᠲᠤᠷᠰᠢᠯᠭ᠎ᠠ ᠪᠠᠨ | ᠳ᠋ᠦᠩᠨᠡᠬᠦ᠂ ᠲᠡᠦᠬᠡ ᠶᠢ ᠲᠡᠮᠳᠡᠭᠯᠡᠬᠦ ᠴᠢᠬᠤᠯᠠ ᠡᠭᠦᠷᠭᠡ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠢ ᠬᠥᠮᠥᠨ | ᠲᠣᠭᠲᠠᠭᠠᠵᠤ ᠬᠠᠷᠢᠭᠤᠴᠠᠭᠤᠯᠤᠨ᠂ ᠨᠠᠶᠢᠷᠠᠭᠤᠯᠤᠨ ᠪᠢᠴᠢᠬᠦ ᠬᠥᠲᠥᠯᠪᠤᠷᠢ ᠶᠣᠰᠣᠭᠠᠷ ᠮᠠᠲ᠋ᠧᠷᠢᠶᠠᠯ ᠢ ᠬᠢᠨᠠᠮᠠᠭᠠᠢ ᠴᠤᠭᠯᠠᠭᠤᠯᠵᠤ᠂ ᠨᠠᠶᠢᠷᠠᠭᠤᠯᠤᠨ ᠪᠢᠴᠢᠬᠦ ᠪᠠ ᠳᠡᠭᠡᠭᠰᠢ | ᠮᠡᠳᠡᠭᠦᠯᠦᠨ᠂ ᠨᠠᠶᠢᠷᠠᠭᠤᠯᠤᠨ ᠪᠢᠴᠢᠬᠦ ᠠᠵᠢᠯ ᠢ ᠲᠣᠭᠲᠠᠭᠰᠠᠨ ᠴᠠᠭ ᠲᠤᠨᠢ ᠱᠠᠭᠠᠷᠳᠠᠯᠭ᠎ᠠ ᠶᠣᠰᠣᠭᠠᠷ ᠴᠢᠨᠠᠷᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ︵ᠬᠤᠶᠠᠷ︶ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠵᠤᠷᠪᠤᠰ ᠢ ᠨᠠᠶᠢᠷᠠᠭᠤᠯᠤᠨ ᠪᠢᠴᠢᠬᠦ ᠳᠡᠭᠡᠨ ᠪᠠᠶᠢᠭᠤᠯᠭ᠎ᠠ ᠶᠢᠨ ᠳ᠋ᠦᠩᠨᠡᠯᠲᠡ᠂ | ᠮᠡᠳᠡᠭᠦᠯᠦᠯᠲᠡ ᠶᠢᠨ ᠠᠭᠤᠯᠭ᠎ᠠ ᠶᠢ ᠪᠢᠴᠢᠵᠦ ᠪᠣᠯᠬᠤ ᠦᠭᠡᠢ᠃ ᠪᠠᠶᠢᠭᠤᠯᠭ᠎ᠠ ᠶᠢᠨ ᠭᠤᠣᠯ ᠴᠢᠳᠠᠪᠬᠢ ᠶᠢᠨ ᠪᠤᠰᠤ ᠮᠡᠳᠡᠭᠡ ᠵᠠᠩᠭᠢ ᠶᠢ ᠲᠡᠮᠳᠡᠭᠯᠡᠵᠦ ᠪᠣᠯᠬᠤ ᠦᠭᠡᠢ᠃ | ᠵᠤᠷᠪᠤᠰ ᠤᠨ ᠠᠭᠤᠯᠭ᠎ᠠ ᠶᠢᠨ ᠦᠨᠳᠦᠰᠦᠨ ᠡᠯᠧᠮᠧᠨ᠋ᠲ ᠨᠢ ᠪᠦᠷᠢᠨ ᠭᠦᠢᠴᠡᠳ᠂ ᠦᠨᠳᠦᠰᠦᠨ ᠪᠠᠶᠢᠳᠠᠯ ᠢ ᠲᠤᠰᠬᠠᠭᠰᠠᠨ ᠪᠥᠭᠡᠳ ᠠᠵᠤ ᠠᠬᠤᠢ ᠶᠢᠨ ᠲᠤᠭ᠎ᠠ | ᠪᠠᠷᠢᠮᠲᠠ ᠨᠢ ᠵᠥᠪ ᠣᠨᠣᠪᠴᠢᠲᠠᠶ ᠪᠠᠶᠢᠬᠤ ᠬᠡᠷᠡᠭᠲᠡᠢ᠃ ᠡᠬᠡ ᠪᠢᠴᠢᠭ ᠤᠨ ᠲᠢᠭ ᠨᠢ ᠳᠦᠷᠢᠮᠵᠢᠭᠦᠨ᠂ ᠰᠤᠷᠲᠠᠯ ᠨᠢ ᠪᠣᠷᠣᠭᠵᠢᠭᠤᠨ᠂ ᠲᠡᠮᠳᠡᠭᠯᠡᠭᠰᠡᠨ ᠨᠢ ᠠᠪᠰᠠᠷᠬᠠᠨ᠂ | ᠪᠢᠴᠢᠭᠰᠡᠨ ᠨᠢ ᠤᠷᠤᠰᠤᠮ᠎ᠠ ᠪᠠᠶᠢᠬᠤ ᠬᠡᠷᠡᠭᠲᠡᠢ᠃ | ︵ᠭᠤᠷᠪᠠ︶ ᠡᠯ᠎ᠡ ᠡᠷᠬᠢᠯᠡᠨ ᠨᠠᠶᠢᠷᠠᠭᠤᠯᠬᠤ ᠨᠢᠭᠡᠴᠢ ᠨᠦᠭᠦᠳ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡᠴᠢ ᠶᠢᠨ ᠭᠤᠣᠯ ᠬᠠᠷᠢᠭᠤᠴᠠᠯᠭᠠᠲᠠᠨ | ᠠᠵᠢᠯ ᠤᠨ ᠠᠬᠢᠴᠠ ᠶᠢ ᠪᠥᠬᠦ ᠲᠠᠯ᠎ᠠ ᠪᠠᠷ ᠮᠥᠷᠳᠡᠨ᠂ ᠴᠠᠭ ᠲᠤᠬᠠᠢ ᠳᠤᠨᠢ ᠳᠡᠮᠵᠢᠨ ᠵᠢᠯᠤᠭᠤᠳᠴᠤ᠂ ᠣᠨ ᠤ ᠦᠢᠯᠡᠪᠦᠷᠢ ᠨᠠᠶᠢᠷᠠᠭᠤᠯᠬᠤ ᠠᠵᠢᠯ ᠤᠨ ᠠᠬᠢᠴᠠ ᠶᠢ | ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠂ ᠣᠨ ᠤ ᠦᠢᠯᠡᠪᠦᠷᠢ ᠨᠠᠶᠢᠷᠠᠭᠤᠯᠬᠤ ᠳᠤ ᠡᠬᠡ ᠪᠢᠴᠢᠭ ᠬᠠᠩᠭᠠᠬᠤ ᠡᠭᠦᠷᠭᠡ ᠪᠠᠨ ᠴᠠᠭ ᠲᠤᠬᠠᠢ ᠳᠤᠨᠢ | ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢᠶᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠣᠨ ᠤ ᠣᠶᠢᠯᠠᠪᠤᠷᠢ ᠶᠢᠨ ᠡᠬᠡ ᠪᠢᠴᠢᠭ ᠲᠤ ᠡᠬᠡ ᠪᠢᠴᠢᠭ ᠬᠠᠩᠭᠠᠭᠴᠢ ᠶᠢᠨ ᠣᠪᠣᠭ ᠨᠡᠷ᠎ᠡ ᠶᠢ ᠲᠣᠳᠣᠷᠬᠠᠢ ᠪᠢᠴᠢᠬᠦ ᠶᠢᠨ ᠬᠠᠮᠲᠤ ᠡᠬᠡ | ᠪᠢᠴᠢᠭ ᠨᠠᠶᠢᠷᠠᠭᠤᠯᠤᠭᠴᠢᠳ ᠤᠨ ᠳᠠᠩᠰᠠᠯᠠᠯ ᠤᠨ ᠬᠦᠰᠦᠨᠦᠭ ︵ᠳᠠᠭᠠᠯᠳᠤᠭᠤᠯᠤᠯ 2︶ ᠢ ᠨᠠᠷᠢᠨ ᠬᠢᠨᠠᠮᠠᠭᠠᠢ ᠲᠠᠭᠯᠠᠵᠤ᠂ ᠣᠨ ᠤ ᠣᠶᠢᠯᠠᠪᠤᠷᠢ ᠶᠢᠨ ᠡᠬᠡ ᠪᠢᠴᠢᠭ ︵ | ᠴᠠᠭᠠᠰᠤᠨ ᠬᠡᠪᠯᠡᠯ᠂ ᠡᠯᠧᠺᠲᠷᠣᠨ ᠬᠡᠪᠯᠡᠯ ᠲᠣᠰ ᠪᠦᠷᠢ 1 ᠬᠤᠪᠢ︶ ᠲᠠᠢ ᠬᠠᠮᠲᠤ ᠪᠠᠶᠢᠭᠤᠯᠭ᠎ᠠ ᠨᠢᠭᠡᠴᠢ ᠶᠢᠨ ᠢᠶᠠᠨ ᠭᠤᠣᠯ ᠬᠠᠷᠢᠭᠤᠴᠠᠯᠭᠠᠲᠠᠨ ᠢᠶᠠᠷ ᠬᠢᠨᠠᠭᠤᠯᠵᠤ | ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ᠂ ᠪᠠᠶᠢᠭᠤᠯᠭ᠎ᠠ ᠨᠢᠭᠡᠴᠢ ᠶᠢᠨ ᠢᠶᠠᠨ ᠠᠯᠪᠠᠨ ᠲᠠᠮᠠᠭ᠎ᠠ ᠵᠢᠲ᠋ᠠᠷᠤᠭᠠᠳ 2024 ᠣᠨ ᠤ 4 ᠳ᠋ᠦ᠋ᠭᠡᠷ ᠰᠠᠷ᠎ᠠ ᠶᠢᠨ 15 ᠤ | ᠡᠳᠦᠷ ᠠᠴᠠ ᠡᠮᠦᠨ᠎ᠡ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠤᠨ ᠲᠡᠦᠬᠡ ᠣᠶᠢᠯᠠᠯᠭ᠎ᠠ ᠨᠠᠶᠢᠷᠠᠭᠤᠯᠵᠤ ᠰᠤᠳᠤᠯᠬᠤ ᠲᠠᠰᠤᠭ ᠲᠤ | ᠮᠡᠳᠡᠭᠦᠯᠦᠨ ᠬᠦᠷᠭᠡᠬᠦ ᠬᠡᠷᠡᠭᠲᠡᠢ᠃ | | | ᠳᠠᠭᠠᠯᠳᠤᠭᠤᠯᠤᠯ᠄ ︽ᠣᠲᠤᠭ ᠬᠤᠰᠢᠭᠤᠨ ᠤ ᠣᠨ ᠤ ᠣᠶᠢᠯᠠᠪᠤᠷᠢ ︵2024 ᠪᠣᠳᠢ︶︾ ᠶᠢ ᠡᠷᠬᠢᠯᠡᠨ ᠨᠠᠶᠢᠷᠠᠭᠤᠯᠬᠤ ᠨᠢᠭᠡᠴᠢ ᠶᠢᠨ ᠨᠡᠷᠡᠰ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ | | ᠳᠠᠭᠠᠯᠳᠤᠭᠤᠯᠤᠯ᠄ | ︽ᠣᠲᠤᠭ ᠬᠤᠰᠢᠭᠤᠨ ᠤ ᠣᠨ ᠤ ᠣᠶᠢᠯᠠᠪᠤᠷᠢ ︵2024 ᠪᠣᠳᠢ︶︾ ᠶᠢ ᠡᠷᠬᠢᠯᠡᠨ ᠨᠠᠶᠢᠷᠠᠭᠤᠯᠬᠤ ᠨᠢᠭᠡᠴᠢ ᠶᠢᠨ ᠨᠡᠷᠡᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶ᠎ᠠ | ᠣᠲᠤᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠲᠤᠭ ᠬᠤᠰᠢᠭᠤᠨ ᠤ ᠬᠤᠷᠢᠶ᠎ᠠ | ᠣᠲᠤᠭ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ | ᠣᠲᠤᠭ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠣᠲᠤᠭ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ | ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶᠠᠨ ᠤ ᠠᠯᠪᠠᠨ ᠭᠡᠷ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ | ᠣᠲᠤᠭ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ | ᠤᠲᠤᠭ ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶᠠᠨ ᠤ ᠨᠠᠮ ᠤᠨ ᠰᠤᠷᠭᠠᠭᠤᠯᠢ | ᠣᠲᠤᠭ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | ᠣᠲᠤᠭ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠲᠤᠭ ᠬᠤᠰᠢᠭᠤᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ | ᠣᠲᠤᠭ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ | ᠣᠲᠤᠭ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ | ᠡᠪ ᠬᠠᠮᠲᠤ ᠵᠠᠯᠠᠭᠤᠴᠤᠳ ᠤᠨ ᠡᠪᠯᠡᠯ ᠤᠨ ᠣᠲᠤᠭ ᠬᠤᠰᠢᠭᠤᠨ ᠤ ᠬᠤᠷᠢᠶ᠎ᠠ | ᠣᠲᠤᠭ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠣᠲᠤᠭ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ | ᠣᠲᠤᠭ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ | ᠣᠲᠤᠭ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ | ᠣᠲᠤᠭ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ | ᠣᠲᠤᠭ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠣᠲᠤᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠣᠲᠤᠭ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠤᠲᠤᠭ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ᠣᠲᠤᠭ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠣᠲᠤᠭ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠣᠲᠤᠭ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠣᠲᠤᠭ ᠬᠤᠰᠢᠭᠤᠨ ᠤ ᠡᠨᠧᠷᠭᠢ ᠶᠢᠨ ᠲᠣᠪᠴᠢᠶ᠎ᠠ | ᠣᠲᠤᠭ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠣᠲᠤᠭ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠤᠲᠤᠭ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ | ᠣᠲᠤᠭ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | ᠣᠲᠤᠭ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠣᠲᠤᠭ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠣᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠣᠲᠤᠭ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | ᠣᠲᠤᠭ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ | ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ | ᠣᠲᠤᠭ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ | ᠣᠲᠤᠭ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ | ᠣᠲᠤᠭ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | ᠣᠲᠤᠭ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | ᠣᠲᠤᠭ ᠬᠤᠰᠢᠭᠤᠨ ᠤ ᠨᠣᠮ ᠤᠨ ᠰᠠᠩ | ᠣᠲᠤᠭ ᠬᠤᠰᠢᠭᠤᠨ ᠤ ᠮᠦᠽᠧᠢ | ᠣᠲᠤᠭ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠣᠲᠤᠭ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ | ᠣᠲᠤᠭ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ | ᠣᠲᠤᠭ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ | ᠣᠲᠤᠭ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ | ᠣᠲᠤᠭ ᠬᠤᠰᠢᠭᠤᠨ ᠤ ᠬᠢᠨᠠᠨ ᠪᠣᠳᠣᠬᠤ ᠲᠣᠪᠴᠢᠶ᠎ᠠ | ᠣᠲᠤᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠣᠲᠤᠭ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠣᠲᠤᠭ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠣᠲᠤᠭ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠣᠲᠤᠭ ᠬᠤᠰᠢᠭᠤᠨ ᠤ ᠣᠯᠠᠨ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ | ᠣᠲᠤᠭ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ | ᠣᠷᠳᠣᠰ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠣᠲᠤᠭ ᠬᠤᠰᠢᠭᠤᠨ ᠤ ᠬᠤᠪᠢᠶᠠᠷᠢ ᠲᠣᠪᠴᠢᠶ᠎ᠠ | ᠣᠲᠤᠭ ᠬᠤᠰᠢᠭᠤᠨ ᠤ ᠲᠣᠮᠣ ᠳ᠋ᠠᠶᠢᠲ᠋ᠠ ᠶᠢᠨ ᠲᠥᠪ | ᠣᠲᠤᠭ ᠬᠤᠰᠢᠭᠤᠨ ᠤ ᠠᠷᠵᠠᠢ ᠴᠢᠯᠠᠭᠤᠨ ᠠᠭᠤᠢ ᠶᠢᠨ ᠰᠤᠳᠤᠯᠭᠠᠨ ᠤ ᠬᠦᠷᠢᠶᠡᠯᠡᠩ | ᠣᠲᠤᠭ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠣᠲᠤᠭ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠲᠤᠭ ᠬᠤᠰᠢᠭᠤᠨ ᠤ ᠬᠤᠷᠢᠶᠠᠨ ᠤ ᠠᠯᠪᠠᠨ ᠭᠡᠷ | ᠣᠲᠤᠭ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠣᠲᠤᠭ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠮᠤ᠋ ᡁᠢ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠣᠲᠤᠭ ᠬᠤᠰᠢᠭᠤᠨ ᠤ ᠵᠧᠩ ᠾᠧ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ | ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ | ᠤᠲᠤᠭ ᠬᠤᠰᠢᠭᠤᠨ ᠤ ᠤᠯᠠᠭᠠᠨᠪᠠᠯᠭᠠᠰᠤ | ᠤᠲᠤᠭ ᠬᠤᠰᠢᠭᠤᠨ ᠤ ᠴᠢ ᠫᠠᠨ ᠵᠢᠩ ᠪᠠᠯᠭᠠᠰᠤ | ᠣᠲᠤᠭ ᠬᠤᠰᠢᠭᠤᠨ ᠤ ᠮᠧᠩ ᠰᠢ ᠪᠠᠯᠭᠠᠰᠤ | ᠣᠲᠤᠭ ᠬᠤᠰᠢᠭᠤᠨ ᠤ ᠦᠮᠡᠬᠡᠶᠢᠨᠠᠭᠤᠷ ᠪᠠᠯᠭᠠᠰᠤ | ᠣᠲᠤᠭ ᠬᠤᠰᠢᠭᠤᠨ ᠤ ᠠᠷᠪᠠᠰ ᠰᠤᠮᠤ | ᠣᠲᠤᠭ ᠬᠤᠰᠢᠭᠤᠨ ᠤ ᠰᠦᠮᠡᠲᠦ ᠰᠤᠮᠤ | ᠪᠠᠷᠠᠭᠤᠨ ᠣᠷᠳᠣᠰ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ | ᠣᠲᠤᠭ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠣᠲᠤᠭ ᠬᠤᠰᠢᠭᠤᠨ ᠤ ᠴᠠᠭ ᠠᠭᠤᠷ ᠤᠨ ᠲᠣᠪᠴᠢᠶ᠎ᠠ | ᠣᠷᠳᠣᠰ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠣᠲᠤᠭ ᠬᠤᠰᠢᠭᠤᠨ ᠤ ᠬᠤᠪᠢᠶᠠᠷᠢ ᠲᠥᠪ | ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠲᠤᠭ | ᠬᠤᠰᠢᠭᠤᠨ ᠤ ᠶᠡᠭᠡ ᠠᠩᠭᠢ | ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠲᠤᠭ ᠬᠤᠰᠢᠭᠤᠨ ᠤ ᠬᠤᠪᠢᠶᠠᠷᠢ ᠺᠣᠮᠫᠠᠨᠢ | ᠣᠷᠳᠣᠰ ᠤᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠣᠲᠤᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ︵ᠣᠲᠤᠭ ᠤᠨ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ︶ | ᠣᠷᠳᠣᠰ ᠤᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠴᠢ ᠫᠠᠨ ᠵᠢᠩ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠣᠲᠤᠭ ᠤᠨ ᠪᠠᠶᠢᠴᠠᠭᠠᠯᠲᠠ ᠶᠢᠨ ᠠᠩᠭᠢ | ᠣᠲᠤᠭ ᠬᠤᠰᠢᠭᠤᠨ ᠤ ᠨᠠᠪᠴᠢᠨ ᠲᠠᠮᠠᠬᠢ ᠲᠤᠰᠬᠠᠢ ᠪᠣᠷᠣᠯᠠᠭᠤᠯᠬᠤ ᠲᠣᠪᠴᠢᠶ᠎ᠠ | ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠣᠲᠤᠭ ᠬᠤᠰᠢᠭᠤᠨ ᠤ ᠬᠤᠪᠢᠶᠠᠷᠢ ᠲᠥᠪ | ᠣᠲᠤᠭ ᠬᠤᠰᠢᠭᠤᠨ ᠤ ᠵᠠᠰᠠᠮᠠᠯ ᠵᠠᠮ ᠤᠨ ᠠᠵᠢᠯ ᠤᠨ ᠲᠣᠭᠤᠷᠢᠭ | ᠣᠷᠳᠣᠰ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠣᠲᠤᠭ ᠬᠤᠰᠢᠭᠤᠨ ᠤ ᠦᠢᠯᠡᠴᠢᠯᠡᠭᠡᠨ ᠤ | ᠬᠡᠯᠲᠡᠰ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠲᠤᠭ ᠬᠤᠰᠢᠭᠤᠨ ᠤ ᠰᠠᠯᠪᠤᠷᠢ | ᠪᠠᠩᠬᠢ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ | ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠲᠤᠭ ᠤᠨ ᠰᠠᠯᠪᠤᠷᠢ ᠪᠠᠩᠬᠢ | ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠣᠲᠤᠭ ᠬᠤᠰᠢᠭᠤᠨ ᠤ ᠰᠠᠯᠪᠤᠷᠢ ᠪᠠᠩᠬᠢ | ᠥᠪᠥᠷ ᠮᠣᠩᠭᠤᠯ ᠤᠨ ᠣᠲᠤᠭ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠲᠤᠭ ᠬᠤᠰᠢᠭᠤᠨ ᠤ ᠰᠠᠯᠪᠤᠷᠢ ᠺᠣᠮᠫᠠᠨᠢ | ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠲᠤᠭ ᠬᠤᠰᠢᠭᠤᠨ ᠤ | ᠰᠠᠯᠪᠤᠷᠢ ᠺᠣᠮᠫᠠᠨᠢ | ᠤᠲᠤᠭ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ | ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠣᠲᠤᠭ ᠤᠨ ᠬᠤᠪᠢᠶᠠᠷᠢ ᠺᠣᠮᠫᠠᠨᠢ | ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠣᠲᠤᠭ ᠬᠤᠰᠢᠭᠤᠨ ᠤ ᠬᠤᠪᠢᠶᠠᠷᠢ ᠺᠣᠮᠫᠠᠨᠢ | ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠣᠲᠤᠭ ᠬᠤᠰᠢᠭᠤᠨ ᠤ ᠬᠤᠪᠢᠶᠠᠷᠢ ᠺᠣᠮᠫᠠᠨᠢ | ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠤᠯᠠᠭᠠᠨᠪᠠᠯᠭᠠᠰᠤᠨ ᠤ ᠬᠤᠪᠢᠶᠠᠷᠢ ᠺᠣᠮᠫᠠᠨᠢ | | |