ᠭᠤᠤ ᠬᠤᠸᠠᠢ ᠵᠢᠩ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠵᠢᠯᠯᠠᠬᠤ ᠶᠢᠨ ᠬᠠᠮᠲᠤ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/6/13
      6 ᠳ᠋ᠤᠭᠠᠷ ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠶ ᠳᠤ ᠠᠵᠢᠯᠯᠠᠬᠤ ᠶᠢᠨ ᠬᠠᠮᠲᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤ ᠤᠳᠤᠷᠢᠳᠤᠯᠭ᠎ᠠ ᠵᠢᠶᠠ ᠷᠦᠢ᠂ ᠯᠢ ᡁᠢ ᠪᠢᠶᠣᠣ᠂ ᠯᠢᠦ ᠷᠦᠢ᠂ ᠦ᠋ ᠶᠦᠩ ᠨᠢᠩ ᠨᠠᠷ ᠣᠷᠣᠯᠴᠠᠪᠠ᠃      ᠭᠤᠤ ᠬᠤᠸᠠᠢ ᠵᠢᠩ ᠣᠷᠳᠣᠰ ᠤᠨ ᠴᠠᠬᠢᠯᠭᠠᠨ ᠢᠶᠠᠷ ᠬᠠᠶᠢᠯᠤᠭᠤᠯᠬᠤ ᠪᠦᠯᠦᠭᠯᠡᠯ ᠳᠤ ᠬᠦᠷᠴᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠨ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠣᠯᠣᠨ ᠠᠰᠠᠭᠤᠳᠠᠯ ᠢ ᠣᠶᠢᠯᠠᠭᠠᠵᠤ᠂ ᠬᠠᠮᠢᠶ᠎ᠠ ᠪᠦᠬᠦᠢ ᠤᠴᠢᠷ ᠶᠠᠪᠤᠳᠠᠯ ᠳᠤ ᠲᠣᠳᠣᠷᠬᠠᠢ ᠬᠠᠷᠢᠭᠤᠯᠲᠠ ᠬᠢᠪᠡ᠃      ᠭᠤᠸ ᠬᠤᠸᠠᠢ ᠵᠢᠩ ᠬᠡᠯᠡᠬᠦ ᠳᠡᠭᠡᠨ᠂ ᠠᠵᠤ ᠠᠬᠤᠶᠢᠯᠠᠯ ᠪᠣᠯ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢ ᠬᠦᠴᠦᠨ ᠮᠥᠨ᠂ ᠠᠵᠤ ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠳᠠᠭ ᠤᠴᠢᠷ ᠠᠴᠠ ᠠᠵᠤ ᠠᠬᠤᠶᠢᠯᠠᠯ ᠤᠨ ᠬᠢᠨ ᠬᠡᠯᠪᠡᠷᠢ ᠪᠠᠨ ᠬᠤᠪᠢᠷᠠᠭᠤᠯᠬᠤ ᠠᠵᠠ ᠲᠣᠬᠢᠶᠠᠯ ᠢ ᠵᠠᠪᠳᠤᠵᠤ᠂ ᠰᠢᠨ᠎ᠡ ᠬᠦᠷᠢᠶ᠎ᠡ ᠬᠡᠪᠴᠢᠶ᠎ᠡ᠂ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠲᠠᠰᠤᠷᠠᠯᠳᠡ ᠦᠭᠡᠢ ᠪᠤᠢ ᠪᠣᠯᠭᠠᠬᠤ ᠶᠢ ᠬᠦᠰᠡᠵᠦ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠦᠷᠢᠶᠡᠯᠡᠩ ᠲᠣᠭᠤᠷᠢᠭ ᠵᠢᠴᠢ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠴᠢᠷᠮᠠᠶᠢᠵᠤ᠂ ᠣᠨᠣᠪᠴᠢᠲᠠᠢ ᠦᠢᠯᠡᠴᠢᠯᠡᠨ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠬᠠᠮᠠᠭᠠᠯᠠᠬᠤ ᠬᠡᠷᠡᠭᠲᠡᠢ ᠭᠡᠪᠡ᠃      ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠣᠲᠤᠭ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠠᠨ ᠵᠢᠯ ᠤᠨ ᠲᠤᠷᠰᠢ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠠᠵᠤ ᠠᠬᠤᠶᠢᠯᠠᠯ  ᠨᠢ ᠠᠵᠤ ᠦᠢᠯᠡᠰ ᠤᠨ ᠪᠠᠶᠢᠷᠢᠰᠢᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠶᠢ ᠲᠦᠷᠭᠡᠳᠬᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠢ᠃      ᠳᠠᠷᠠᠭ᠎ᠠ ᠨᠢ᠂ ᠭᠤᠤ ᠬᠤᠸᠠᠢ ᠵᠢᠩ ᠣᠷᠳᠣᠰ ᠬᠤᠳᠠ ᠶᠢᠨ ᠤᠯᠠᠨ ᠡᠨᠧᠷᠭᠢ ᠬᠠᠷᠢᠯᠴᠠᠨ ᠨᠥᠬᠦᠪᠦᠷᠢᠯᠡᠬᠦ ᠡᠨᠧᠷᠭᠢ ᠶᠢᠨ ᠺᠣᠮᠫᠠᠨᠢ ᠶᠢᠨ ᠰᠢᠨ᠎ᠡ ᠡᠨᠧᠷᠭᠢ ᠶᠢᠨ ᠪᠣᠬᠢᠷᠲᠤᠯ ᠦᠭᠡᠢ ᠴᠠᠬᠢᠯᠭᠠᠨ ᠢᠶᠠᠷ  ᠣᠷᠣᠯᠠᠭᠤᠯᠬᠤ ᠲᠦᠷᠦᠯ ᠵᠦᠢᠯ᠂ ᠪᠦᠦ ᠰᠢᠨ ᠤ ᠳᠡᠭᠡᠳᠦ ᠲᠡᠰ ᠤᠨ ᠣᠶᠤᠨᠴᠢ ᠦᠢᠯᠡᠳᠬᠡᠯ ᠤᠨ ᠲᠦᠷᠦᠯ ᠵᠦᠢᠯ᠂ ᠤᠲᠤᠭ ᠬᠤᠰᠢᠭᠤᠨ ᠤ ᠰᠠᠯᠬᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠨ ᠨᠡᠶᠢᠯᠡᠭᠦᠯᠦᠭᠰᠡᠨ ᠨᠣᠭᠤᠭᠠᠨ ᠰᠢᠪᠲᠦᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠤ ᠦᠵᠡᠨ᠂ ᠪᠠᠷᠢᠯᠭ᠎ᠠ ᠶᠢᠨ ᠠᠵᠢᠯ ᠤᠨ ᠲᠣᠬᠢᠷᠠᠭᠤᠯᠭ᠎ᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠨᠠᠷᠢᠨ ᠣᠶᠢᠯᠠᠭᠠᠪᠠ᠃      ᠭᠤᠸ ᠬᠤᠸᠠᠢ ᠵᠢᠩ ᠬᠡᠯᠡᠬᠦ ᠳᠡᠭᠡᠨ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠪᠠᠬᠢᠯᠡᠯᠲᠡ ᠶᠢᠨ ᠭᠠᠵᠠᠷ᠂ ᠭᠤᠣᠯ ᠬᠥᠳᠡᠯᠭᠡᠭᠦᠷ ᠮᠥᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠠᠵᠠ ᠲᠣᠬᠢᠶᠠᠯ ᠢ ᠴᠢᠩᠭ᠎ᠠ ᠠᠳᠬᠤᠵᠤ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠡᠮᠡᠭᠳᠡᠯ ᠤᠨ ᠬᠤᠷᠳᠤᠴᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠠᠭ ᠢ ᠵᠠᠪᠳᠤᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠦᠲᠦᠮᠵᠢᠲᠡᠢ ᠪᠡᠶᠡᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠤᠨ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠢᠯᠡᠴᠢᠯᠡᠭᠡᠨ ᠤ ᠵᠢᠯᠣᠭᠤᠳᠤᠯᠭ᠎ᠠ ᠪᠠᠨ ᠴᠢᠩᠭᠠᠳᠬᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠠᠬᠢᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ