ᠣᠲᠤᠭ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ | ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ | | | 2024 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 280.3 ᠳ᠋ᠦᠩᠰᠢᠭᠤᠷ ᠲᠥᠭᠦᠷᠢᠭ ᠲᠤ ᠬᠦᠷᠴᠡᠢ︔ ᠡᠵᠡᠩᠨᠡᠯᠲᠡ ᠶᠢᠨ ᠥᠪᠡᠷ ᠤᠨ ᠦᠷᠳᠡᠭ 232.3 ᠳ᠋ᠦᠩᠰᠢᠭᠤᠷ ᠲᠥᠭᠦᠷᠢᠭ᠂ | ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 4.3 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠬᠤᠨᠵᠢᠪᠤᠷᠢ 14.4 ᠳ᠋ᠦᠩᠰᠢᠭᠤᠷ ᠲᠥᠭᠦᠷᠢᠭ ᠲᠤ | ᠬᠦᠷᠪᠡ︔ ᠨᠡᠶᠢᠲᠡ 13.7 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢ ᠪᠡᠶᠡᠯᠡᠭᠦᠯᠪᠡ︔ ᠲᠤᠰᠢᠶᠠᠭᠰᠠᠨ ᠭᠠᠶᠢᠯᠢ ᠶᠢᠨ | ᠮᠥᠩᠭᠦ ᠶᠢᠨ ᠶᠡᠷᠦᠩᠬᠡᠢ ᠲᠤᠭ᠎ᠠ 15.7 ᠳ᠋ᠦᠩᠰᠢᠭᠤᠷ ᠲᠥᠭᠦᠷᠢᠭ ᠲᠤ ᠬᠦᠷᠴᠡᠢ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠ ᠡᠵᠡᠩᠨᠡᠯᠲᠡ ᠶᠢᠨ ᠠᠰᠢᠭ ᠬᠤᠨᠵᠢᠪᠤᠷᠢ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠪᠠ᠃ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 95.5 | ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠠᠰᠢᠭ ᠬᠤᠨᠵᠢᠪᠤᠷᠢ ᠶᠢ 9.1 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠣᠷᠣᠯᠭ᠎ᠠ ᠶᠢ ᠨᠡᠯᠢᠶᠡᠳ | ᠲᠣᠭᠲᠠᠭᠤᠨ ᠪᠠᠶᠢᠯᠭᠠᠪᠠ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 143.5 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠬᠤᠨᠵᠢᠪᠤᠷᠢ | 0.5 ᠳ᠋ᠦᠩᠰᠢᠭᠤᠷ ᠲᠥᠭᠦᠷᠢᠭ᠂ ᠴᠠᠬᠢᠯᠭᠠᠨ ᠬᠦᠴᠦ᠂ ᠳᠤᠯᠠᠭᠠᠯᠠᠭ᠎ᠠ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠡᠵᠡᠩᠨᠡᠯᠲᠡ ᠶᠢᠨ ᠣᠷᠣᠯᠭ᠎ᠠ 41.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠨ᠂ | ᠡᠵᠡᠩᠨᠡᠯᠲᠡ ᠶᠢᠨ ᠠᠰᠢᠭ ᠬᠤᠨᠵᠢᠪᠤᠷᠢ 4.8 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 2300% ᠪᠠᠷ ᠨᠡᠮᠡᠭᠳᠡᠨ᠂ ᠨᠡᠮᠡᠭᠳᠡᠯ ᠤᠨ | ᠬᠠᠨᠳᠤᠰᠢ ᠨᠡᠯᠢᠶᠡᠳ ᠲᠦᠷᠭᠡᠨ ᠪᠠᠶᠢᠪᠠ᠃ | |