ᠣᠲᠤᠭ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠣᠷᠮ᠎ᠠ 80% ᠶᠢ ᠳᠠᠪᠠᠪᠠ
ᠨᠡᠶᠢᠲᠡᠯᠡᠭᠰᠡᠨ ᠴᠠᠭ᠄
2024/6/13
      ᠣᠲᠤᠭ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠣᠷᠮ᠎ᠠ 80% ᠶᠢ ᠳᠠᠪᠠᠪᠠ      ᠬᠤᠲᠠ ᠪᠠᠯᠭᠠᠰᠤᠵᠢᠯᠲᠠ ᠪᠣᠯ ᠣᠳᠣᠬᠢᠴᠢᠯᠠᠯᠲᠠ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠦᠴᠦᠲᠡᠢ ᠲᠤᠯᠭᠠᠭᠤᠷᠢ ᠮᠥᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠣᠶᠢᠷ᠎ᠠ ᠶᠢᠨ ᠵᠢᠯ ᠤᠳ ᠲᠤ᠂ ᠣᠲᠤᠭ ᠬᠤᠰᠢᠭᠤᠨ ᠤ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠨᠡᠶᠢᠭᠡᠮ ᠤᠨ ᠬᠥᠭᠵᠢᠯᠲᠡ ᠳᠤ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      2023 ᠣᠨ ᠤ ᠵᠢᠯ ᠤᠨ ᠡᠴᠦᠰ ᠲᠤ᠂ ᠣᠲᠤᠭ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 16.87 ᠲᠦᠮᠡ ᠪᠠᠶᠢᠵᠤ᠂ ᠬᠤᠲᠠ ᠪᠠᠯᠭᠠᠰᠤᠨ ᠤ ᠬᠥᠮᠥᠨ ᠠᠮᠠ 13.80 ᠲᠦᠮᠡ ᠬᠦᠷᠦᠨ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠤᠲᠠ ᠪᠠᠯᠭᠠᠰᠤᠨ ᠤ ᠬᠥᠮᠥᠨ ᠠᠮᠠ ᠶᠢᠨ 10.83 ᠲᠦᠮᠡ ᠠᠴᠠ 2.97 ᠲᠦᠮᠡ ᠨᠡᠮᠡᠭᠳᠡᠵᠦ᠂ ᠵᠢᠯ ᠪᠦᠷᠢ ᠳᠤᠮᠳᠠᠴᠢ ᠪᠠᠷ 0.23 ᠲᠦᠮᠡᠨ ᠬᠥᠮᠥᠨ ᠨᠡᠮᠡᠭᠳᠡᠪᠡ︔ 2023 ᠣᠨ ᠤ ᠬᠤᠲᠠ ᠪᠠᠯᠭᠠᠰᠤᠵᠢᠯᠲᠠ ᠶᠢᠨ ᠨᠣᠷᠮ᠎ᠠ 81.74% ᠳᠤ ᠬᠦᠷᠴᠦ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢᠨ 71.13% ᠪᠠᠶᠢᠭᠰᠠᠨ ᠠᠴᠠ ᠵᠠᠭᠤᠨ ᠤ 10.61  ᠬᠤᠪᠢ ᠳᠡᠭᠡᠭᠰᠢᠯᠡᠵᠦ᠂ ᠵᠢᠯ ᠪᠦᠷᠢ ᠳᠤᠮᠳᠠᠴᠢ ᠪᠠᠷ 1.08% ᠪᠠᠷ ᠨᠡᠮᠡᠭᠳᠡᠪᠡ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ