ᠠᠷᠪᠠᠰ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ  ᠣᠷᠣᠰᠢᠨ ᠰᠠᠭᠤᠷᠢᠰᠢᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠪᠠ
ᠨᠡᠶᠢᠲᠡᠯᠡᠭᠰᠡᠨ ᠴᠠᠭ᠄
2024/6/14
      ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠯᠠᠪᠳᠠᠭᠤᠨ ᠪᠠᠲᠤᠲᠠᠢ ᠰᠤᠷᠤᠯᠴᠠᠨ ᠰᠠᠶᠢᠲᠤᠷ ᠬᠡᠷᠡᠭᠯᠡᠬᠦ ᠶᠢᠨ ᠲᠤᠰᠠᠳᠠ᠂ ᠠᠷᠪᠠᠰ ᠰᠤᠮᠤ ᠣᠯᠠᠨ ᠵᠦᠢᠯ ᠤᠨ ᠠᠵᠢᠯᠯᠠᠬᠤ ᠠᠷᠭ᠎ᠠ ᠶᠢ ᠤᠷᠠᠨ ᠬᠡᠷᠡᠭᠯᠡᠵᠦ᠂ ᠣᠨᠢᠨ ᠳᠡᠭᠡᠷ᠎ᠡ ᠨᠢ ᠬᠦᠴᠦᠯᠡᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠮᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠰᠤᠮᠤᠨ ᠤ ᠲᠦᠷᠬᠦ ᠪᠠᠶᠢᠳᠠᠯ ᠢ ᠰᠠᠶᠢᠬᠠᠨ ᠪᠣᠯᠭᠠᠪᠠ᠃      ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠪᠠ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠰᠬᠠᠢ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠵᠤ᠂ ᠭᠤᠣᠯ ᠰᠡᠳᠦᠪᠲᠦ ᠨᠠᠮ ᠤᠨ ᠡᠳᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠰᠠᠶᠢᠨ ᠳᠤᠷᠠᠴᠤᠳ ᠤᠨ ᠦᠢᠯᠡᠴᠢᠯᠡᠭᠡ ᠵᠡᠷᠭᠡ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠨ᠂ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠬᠤ᠂ ᠬᠡᠰᠡᠭ ᠢᠶᠠᠷ ᠳᠠᠭᠠᠭᠠᠴᠢᠯᠠᠭᠰᠠᠨ ᠤᠳᠤᠷᠢᠳᠤᠯᠭ᠎ᠠ ᠬᠡᠰᠡᠭ ᠢᠶᠠᠷ ᠬᠤᠪᠢᠶᠠᠨ ᠠᠳᠬᠤᠬᠤ᠂ ᠬᠡᠰᠡᠭ ᠢᠶᠠᠷ ᠳᠠᠭᠠᠭᠠᠴᠢᠯᠠᠭᠰᠠᠨ ᠺᠠᠳ᠋ᠷ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨ ᠰᠢᠭᠤᠳ ᠠᠳᠬᠤᠬᠤ᠂ ᠨᠠᠮ ᠤᠨ ᠭᠡᠰᠢᠭᠦᠨ ᠲᠦᠷᠦᠭᠦᠯᠡᠨ ᠵᠢᠱᠢᠶ᠎ᠡ ᠦᠵᠡᠭᠦᠯᠵᠦ ᠣᠯᠠᠨ ᠲᠦᠮᠡᠨ ᠰᠠᠨᠠᠭᠠᠴᠢᠯᠠᠭ᠎ᠠ  ᠠᠴᠠ ᠪᠠᠨ ᠳᠠᠭᠠᠵᠤ ᠬᠢᠬᠦ ᠠᠵᠢᠯ ᠤᠨ ᠲᠣᠭᠲᠠᠴᠠ ᠶᠣᠰᠣᠭᠠᠷ᠂ ᠲᠤᠰᠬᠠᠢ ᠬᠠᠮᠢᠶᠠᠷᠬᠤ ᠬᠥᠮᠥᠨ ᠲᠠᠢ᠂ ᠲᠣᠳᠣᠷᠬᠠᠢ ᠬᠠᠷᠢᠭᠤᠴᠠᠯᠭ᠎ᠠ ᠲᠠᠢ᠂  ᠴᠠᠭ ᠤᠨ ᠬᠢᠵᠠᠭᠠᠷᠯᠠᠯ ᠲᠠᠢ ᠪᠠᠶᠢᠬᠤ ᠶᠢ ᠪᠡᠶᠡᠯᠡᠭᠦᠯᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠪᠡ᠃      ᠴᠡᠪᠡᠷᠯᠡᠭᠡ ᠬᠢᠬᠦ ᠳᠤ ᠠᠮᠠᠷᠬᠠᠨ ᠣᠮᠲᠤᠭᠠᠶᠢᠯᠠᠭᠳᠠᠬᠤ ᠭᠠᠵᠠᠷ ᠢ ᠴᠥᠭᠡᠳᠬᠡᠨ᠂ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠪᠡ᠃ ᠠᠷᠪᠠᠰ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠡᠯ᠎ᠡ ᠭᠠᠴᠠᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠰᠠᠭᠤᠳᠠᠯ ᠤᠨ ᠳᠤᠲᠠᠭᠤᠳᠠᠯ ᠪᠠ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠭᠤᠣᠯ ᠵᠠᠮ᠂ ᠵᠠᠮ ᠤᠨ ᠬᠤᠶᠠᠷ ᠬᠠᠵᠠᠭᠤ᠂ ᠭᠡᠷ ᠤᠨ ᠡᠷᠭᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ᠂ ᠶᠡᠭᠡ ᠪᠠᠷ ᠴᠡᠪᠡᠷᠯᠡᠭᠡ ᠬᠢᠵᠦ᠂ ᠴᠡᠪᠡᠷᠯᠡᠭᠡ ᠬᠢᠬᠦ ᠳᠤ ᠠᠮᠠᠷᠬᠠᠨ ᠣᠮᠲᠤᠭᠠᠶᠢᠯᠠᠭᠳᠠᠬᠤ ᠭᠠᠵᠠᠷ ᠢ ᠴᠥᠭᠡᠳᠬᠡᠨ᠂ ᠨᠡᠶᠢᠲᠡ 2850 ᠲᠣᠨ ᠬᠤᠭ ᠨᠣᠪᠰᠢ ᠶᠢ ᠴᠡᠪᠡᠷᠯᠡᠵᠦ᠂ 260 ᠺᠢᠯᠣᠮᠧᠲᠷ ᠤᠨ ᠭᠤᠸ ᠰᠤᠪᠠᠭ ᠢ ᠴᠡᠪᠡᠷᠯᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ 96 ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠱᠠᠭᠠᠷᠳᠠᠨ ᠰᠢᠢᠳᠪᠦᠷᠢᠯᠡᠭᠦᠯᠵᠦ᠂ 6 ᠬᠤᠭ ᠨᠣᠪᠰᠢ ᠬᠤᠷᠢᠶᠠᠨ ᠴᠤᠭᠯᠠᠭᠤᠯᠬᠤ ᠭᠠᠵᠠᠷ ᠢ ᠴᠡᠭᠴᠡᠯᠡᠨ ᠵᠠᠰᠠᠪᠠ᠃ ᠡᠭᠦᠨ ᠳᠤ᠂ ᠰᠠᠶᠢᠬᠤᠰᠤ ᠭᠠᠴᠠᠭ᠎ᠠ ᠰᠤᠮᠤᠨ ᠤ ᠺᠠᠳ᠋ᠷ᠂ ᠭᠠᠴᠠᠭ᠎ᠠ ᠶᠢᠨ ︽ᠬᠤᠶᠠᠷ ᠵᠥᠪᠯᠡᠯ︾᠂ ᠮᠠᠯᠴᠢᠳ ᠤᠨ ᠲᠥᠯᠥᠭᠡᠯᠡᠭᠴᠢ ᠵᠢᠴᠢ ᠲᠠᠷᠢᠮᠠᠯ ᠤᠨ ᠡᠷᠦᠬᠡ ᠵᠡᠷᠭᠡ 330 ᠬᠥᠮᠥᠨ ᠢ ᠵᠣᠬᠢᠶᠠᠨ ᠪᠠᠶᠢᠭᠤᠯᠤᠨ᠂ 2.7 ᠲᠣᠨ ᠬᠤᠭ ᠨᠣᠪᠰᠢ ᠶᠢ ᠴᠡᠪᠡᠷᠯᠡᠪᠡ᠃ ᠡᠭᠦᠨ ᠤ ᠬᠠᠮᠲᠤ᠂ ᠪᠥᠬᠦ ᠰᠤᠮᠤᠨ ᠳᠤ ᠬᠤᠭ ᠨᠣᠪᠰᠢ ᠳᠠᠷᠤᠰᠢᠭᠤᠯᠬᠤ ᠥᠷᠲᠡᠭᠡ ᠶᠢ 3᠂ ᠬᠤᠭ ᠨᠣᠪᠰᠢ ᠶᠢ ᠲᠦᠷᠭᠡᠨ ᠠᠭᠤᠷᠰᠢᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢ 2᠂  ᠪᠤᠵᠠᠷ ᠤᠰᠤ ᠰᠢᠢᠳᠪᠦᠷᠢᠯᠡᠬᠦ ᠥᠷᠲᠡᠭᠡ ᠶᠢ 1᠂ ᠬᠤᠭ ᠨᠣᠪᠰᠢ ᠪᠤᠯᠠᠬᠤ ᠲᠠᠯᠠᠪᠠᠶ ᠶᠢ 1 ᠪᠠᠶᠢᠭᠤᠯᠵᠤ᠂ ᠰᠤᠮᠤᠨ ᠤ ᠬᠠᠷᠢᠶᠠᠨ ᠳᠠᠬᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠪᠠ᠃      ᠵᠠᠰᠠᠯᠲᠠ ᠶᠢᠨ ᠦᠷ᠎ᠡ ᠪᠦᠲᠦᠮᠵᠢ ᠶᠢ ᠳᠠᠬᠢᠨ ᠢᠶᠠᠷ ᠨᠡᠮᠡᠭᠳᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ ᠠᠷᠪᠠᠰ ᠰᠤᠮᠤ ᠢᠮᠠᠭᠲᠠ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠴᠢᠬᠤᠯᠠ ᠭᠠᠷᠳᠠᠴᠠ ᠪᠣᠯᠭᠠᠨ᠂ ᠸᠢᠴᠠᠲ ᠤᠨ ᠴᠤᠭᠯᠠᠷᠠᠯ ᠢᠶᠠᠷ ᠳᠠᠮᠵᠢᠭᠤᠯᠤᠨ ᠲᠠᠷᠬᠠᠭᠠᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠵᠡᠷᠭᠡ ᠬᠡᠯᠪᠡᠷᠢ ᠪᠠᠷ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠠᠷᠠᠯᠲᠠ ᠱᠠᠭᠠᠷᠳᠠᠯᠭ᠎ᠠ ᠪᠠ ᠴᠢᠬᠤᠯᠠ ᠶᠡᠭᠡ ᠠᠴᠢ ᠬᠤᠯᠪᠣᠭᠳᠠᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠠᠴᠠ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠦ ᠦᠵᠡᠯ ᠰᠠᠨᠠᠭ᠎ᠠ ᠣᠶᠢᠯᠠᠭᠠᠭᠳᠠᠬᠤᠨ ᠢ ᠨᠢ ᠬᠤᠪᠢᠷᠠᠭᠤᠯᠤᠨ᠂ ᠠᠮᠢᠳᠤᠷᠠᠯ ᠤᠨ ᠮᠠᠭᠤ ᠳᠠᠳᠬᠠᠯ ᠢ ᠨᠢ ᠲᠠᠶᠠᠭᠳᠠᠭᠤᠯᠪᠠ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠲᠤ ᠲᠦᠰᠢᠭᠯᠡᠨ᠂ ᠥᠷᠭᠡᠨ ᠣᠯᠠᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠵᠤ᠂ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠠᠵᠢᠯᠯᠠᠬᠤ ᠪᠣᠯᠭᠠᠵᠤ ᠬᠤᠪᠢᠷᠠᠭᠤᠯᠤᠨ᠂ ᠨᠠᠮ ᠪᠠ ᠣᠯᠠᠨ ᠲᠦᠮᠡᠨ ᠰᠡᠳᠬᠢᠯ ᠨᠢᠭᠡᠳᠴᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠷᠢᠰᠢᠯ ᠢ ᠪᠣᠶ ᠪᠣᠯᠭᠠᠪᠠ᠃      ᠪᠣᠯᠬᠢ ᠪᠦᠳᠦᠭᠦᠯᠢᠭ ᠵᠠᠩᠰᠢᠯ ᠢ ᠬᠠᠯᠠᠵᠤ᠂ ︽ᠪᠡᠯᠴᠢᠭᠡᠷᠯᠡᠭᠦᠯᠬᠦ ᠶᠢ ᠬᠤᠷᠢᠵᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ︾ ᠶᠢ ᠭᠦᠨᠵᠡᠭᠡᠶᠢᠷᠡᠭᠦᠯᠪᠡ᠃ ᠠᠷᠪᠠᠰ ᠰᠤᠮᠤ ︽ᠪᠡᠯᠴᠢᠭᠡᠷᠯᠡᠭᠦᠯᠬᠦ ᠶᠢ ᠬᠤᠷᠢᠵᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ︾ ᠠᠵᠢᠯ ᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠯᠤᠭ᠎ᠠ ᠣᠷᠭᠠᠨᠢᠭ ᠢᠶᠠᠷ  ᠤᠶᠠᠯᠳᠤᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠤᠬᠠᠭᠤᠯᠭ᠎ᠠ ᠶᠢ ᠰᠠᠶᠢᠲᠤᠷ ᠬᠢᠪᠡ᠃ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ ᠢᠶᠠᠷ ᠣᠷᠴᠢᠨ ᠲᠣᠭᠤᠷᠢᠨ ᠤ ᠴᠡᠭᠴᠡᠯᠡᠯᠲᠡ ᠶᠢ ᠬᠥᠲᠥᠯᠥᠨ ᠳᠠᠭᠠᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠭᠡᠷ ᠣᠷᠣᠨ ᠢᠶᠠᠨ ᠬᠠᠮᠲᠤᠪᠠᠷ ᠪᠠᠶᠢᠭᠤᠯᠬᠤ︾ ᠭᠤᠣᠯ ᠰᠡᠳᠦᠪᠲᠦ ᠰᠠᠶᠢᠨ ᠳᠤᠷ᠎ᠠ ᠶᠢᠨ ᠠᠵᠢᠯᠯᠠᠭ᠎ᠠ᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾᠂ ︽ᠠᠷᠢᠭᠤᠨ ᠴᠡᠪᠡᠷᠴᠢ ᠭᠡᠷ ᠪᠦᠯᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠬᠠᠶᠠᠬᠤ᠂ ᠳᠤᠷ᠎ᠠ ᠪᠠᠷ ᠬᠠᠶᠠᠬᠤ ᠮᠠᠭᠤ ᠳᠠᠳᠬᠠᠯ ᠢ ᠨᠢ ᠬᠠᠯᠠᠨ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠵᠤ᠂ ᠣᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠠᠮᠠᠭᠠᠯᠠᠬᠤ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠭᠡᠷ ᠤᠨ ᠢᠶᠠᠨ ᠡᠷᠭᠢᠨ ᠲᠣᠭᠤᠷᠢᠨ ᠢ ᠤᠬᠠᠮᠰᠠᠷ ᠠᠴᠠ ᠪᠠᠨ ᠴᠡᠪᠡᠷᠯᠡᠬᠦ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ  ᠪᠣᠯᠭᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠠᠶᠢᠩᠭᠤ ᠴᠡᠪᠡᠷᠬᠡᠨ ᠪᠠᠶᠢᠯᠭᠠᠪᠠ᠃ 
ᠢᠷᠡᠯᠲᠡ᠄ ᠠᠷᠪᠠᠰ ᠰᠤᠮᠤ