ᠠᠷᠪᠠᠰ ᠰᠤᠮᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ︽ᠳᠥᠷᠪᠡᠨ ᠠᠷᠭ᠎ᠠ ᠬᠡᠮᠵᠢᠶ᠎ᠡ︾ ᠶᠢ ᠬᠡᠷᠡᠭᠵᠢᠭᠦᠯᠦᠨ  ᠬᠠᠮᠲᠤ ᠪᠠᠷ ᠴᠢᠨᠡᠭᠡᠯᠢᠭᠵᠢᠵᠦ ᠬᠠᠮᠲᠤ ᠪᠠᠷ ᠡᠳ᠋ᠯᠡᠭᠰᠡᠨ ᠰᠢᠨ᠎ᠡ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2024/6/14
      ᠥᠪᠥᠷ ᠮᠣᠩᠭᠤᠯ ᠤᠨ ᠣᠷᠳᠣᠰ ᠬᠤᠳᠠ ᠶᠢᠨ ᠤᠲᠤᠭ ᠬᠤᠰᠢᠭᠤᠨ ᠤ ᠠᠷᠪᠠᠰ ᠰᠤᠮᠤ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠬᠥᠭᠵᠢᠯᠲᠡ ᠶᠢ ᠠᠳᠬᠤᠬᠤ ᠪᠠ ᠪᠦᠲᠦᠮᠵᠢᠲᠡᠢ ᠠᠪᠴᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠵᠦ ᠦᠢᠯᠡᠰ᠂ ᠰᠣᠶᠣᠯ ᠵᠢᠭᠤᠯᠴᠢᠯᠠᠯ᠂ ᠦᠵᠡᠰᠬᠦᠯᠡᠩᠲᠦ ᠰᠠᠶᠢᠬᠠᠨ︾ ᠭᠤᠷᠪᠠᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠥᠯᠵᠡᠢ ᠬᠡᠶᠢᠮᠣᠷᠢᠲᠤ ᠠᠷᠪᠠᠰ︾᠂ ︽ᠦᠵᠡᠰᠬᠦᠯᠡᠩᠲᠦ ᠰᠠᠶᠢᠬᠠᠨ ᠠᠷᠪᠠᠰ︾᠂ ︽ᠡᠶ᠎ᠡ ᠵᠣᠬᠢᠴᠠᠯᠲᠤ ᠠᠷᠪᠠᠰ︾ ᠢ ᠴᠢᠷᠮᠠᠶᠢᠨ ᠪᠠᠶᠢᠭᠤᠯᠤᠨ᠂ ᠬᠠᠮᠲᠤᠪᠠᠷ ᠴᠢᠨᠡᠭᠡᠯᠢᠭᠵᠢᠬᠦ ᠰᠢᠨ᠎ᠡ ᠵᠠᠮ ᠢᠶᠠᠷ ᠵᠠᠮᠨᠠᠪᠠ᠃      ᠨᠢᠭᠡ᠂ ᠠᠮᠢ ᠠᠬᠤᠢ ᠶᠢ ᠬᠠᠮᠲᠤᠪᠠᠷ ᠪᠠᠶᠢᠭᠤᠯᠵᠤ ᠠᠭᠤᠰᠤᠯᠴᠠᠭᠤᠯᠤᠨ ᠬᠠᠮᠲᠤᠪᠠᠷ ᠣᠷᠣᠰᠢᠬᠤ ᠶᠢ ᠠᠬᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠪᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠮᠥᠨ ᠴᠢᠨᠠᠷ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠬᠦᠷᠦᠮ ᠨᠤᠲᠤᠭ ᠪᠡᠯᠴᠢᠭᠡᠷ ᠡᠯᠡᠰᠦ ᠮᠠᠩᠬ᠎ᠠ︾ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ︽ᠪᠡᠯᠴᠢᠭᠡᠷᠯᠡᠭᠦᠯᠬᠦ ᠶᠢ ᠬᠤᠷᠢᠵᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠠᠷᠭᠠᠨ᠎ᠠ ᠲᠠᠷᠢᠬᠤ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠦᠨ᠂ ᠣᠳᠣᠬᠠᠨ ᠳᠤ ᠪᠥᠬᠦ ᠰᠤᠮᠤᠨ ᠤ ᠬᠢᠯᠢ ᠳᠣᠲᠣᠷ᠎ᠠ 20826 ᠮᠦ ᠬᠠᠷᠭᠠᠨ᠎ᠠ ᠲᠠᠷᠢᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠭᠤᠣᠯ ᠮᠥᠷᠡᠨ ᠨᠠᠭᠤᠷ ᠴᠥᠭᠦᠷᠥᠮ ᠤᠨ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠬᠡᠮᠵᠢᠯᠲᠡ ᠶᠢ ᠴᠢᠩᠭᠠᠳᠬᠠᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠪᠡ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ︽ᠳᠥᠷᠪᠡᠨ ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠠᠶᠢᠬᠤᠰᠤ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠢ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠯᠠᠪᠳᠠᠭᠤᠨ ᠠᠬᠢᠭᠤᠯᠤᠨ᠂ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠵᠢᠴᠢ ᠭᠤᠣᠯ ᠤᠨ ᠡᠷᠭᠢ ᠶᠢᠨ ᠱᠤᠭᠤᠮ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠣᠰᠣᠲᠤ ᠶᠢᠨ ᠭᠤᠣᠯ ᠤᠨ ᠰᠠᠪᠠ ᠭᠠᠵᠠᠷ ᠤᠨ ᠵᠠᠰᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ︽ᠭᠤᠣᠯ ᠮᠥᠷᠡᠨ ᠨᠠᠭᠤᠷ ᠴᠥᠭᠦᠷᠥᠮ ᠢ ᠣᠷᠳᠣ ᠬᠤᠭᠤᠴᠠᠭ᠎ᠠ ᠪᠠᠷ ᠵᠠᠰᠠᠬᠤ︾ ᠶᠢ ᠠᠬᠢᠭᠤᠯᠪᠠ᠃ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠠᠶᠢᠩᠭᠤ ᠴᠡᠭᠴᠡᠯᠡᠨ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠷᠢᠰᠢᠵᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠮᠠᠯᠵᠢᠬᠤ ᠣᠷᠣᠨ ᠤ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠪᠠ᠃      ᠬᠤᠶᠠᠷ᠂ ᠨᠠᠮ ᠤᠨ ᠡᠭᠦᠷ ᠬᠠᠮᠲᠤᠷᠠᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠪᠡ᠃ ᠠᠷᠪᠠᠰ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ︾ ᠪᠠᠷ ᠬᠠᠷᠠᠯᠲᠠ ᠪᠠᠨ ᠪᠣᠯᠭᠠᠨ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠰᠠᠭᠤᠷᠢᠯᠠᠪᠠ᠃ ᠰᠤᠮᠤ ᠶᠢᠨ ᠨᠠᠮ ᠤᠨ ᠬᠤᠷᠢᠶ᠎ᠠ ᠬᠠᠮᠲᠤᠷᠠᠨ ᠪᠠᠶᠢᠭᠤᠯᠬᠤ ᠬᠡᠯᠪᠡᠷᠢ ᠶᠢ ᠬᠡᠷᠡᠭᠵᠢᠭᠦᠯᠵᠦ᠂ ᠰᠤᠮᠤ᠂ ᠭᠠᠴᠠᠭ᠎ᠠ ᠬᠢᠭᠡᠳ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠡᠯᠡᠯᠴᠡᠭᠡᠷ ᠲᠣᠭᠲᠠᠬᠤ ᠮᠠᠶ᠋ᠢᠭ︾ ᠤᠨ  ᠬᠠᠮᠲᠤᠪᠠᠷ ᠪᠠᠶᠢᠭᠤᠯᠬᠤ ᠶᠢ ᠠᠬᠢᠭᠤᠯᠤᠨ᠂ ᠭᠦᠢᠴᠡᠳ ᠬᠠᠮᠵᠢᠯᠴᠠᠵᠤ᠂ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ᠂ ᠵᠥᠷᠢᠴᠡᠯ ᠢ ᠨᠠᠮᠳᠠᠭᠤᠯᠬᠤ᠂ ᠠᠵᠢᠯᠯᠠᠭ᠎ᠠ ᠶᠢ ᠬᠠᠮᠲᠤᠪᠠᠷ ᠥᠷᠨᠢᠭᠦᠯᠬᠦ᠂ ᠭᠠᠩ ᠬᠠᠭᠰᠠᠷᠠᠭᠠᠨ ᠲᠠᠢ ᠲᠡᠮᠡᠴᠡᠵᠦ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠡᠯ᠎ᠡ ᠲᠥᠷᠥᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠦ᠂ ᠣᠷᠳᠣᠰ · ᠡᠬᠢ ᠪᠡᠯᠴᠢᠭᠡᠷ ᠮᠠᠯᠵᠢᠯ ᠤᠨ ᠲᠠᠯᠠᠪᠠᠶ ᠶᠢᠨ ᠠᠵᠤ ᠠᠬᠤᠶᠢᠯᠠᠯ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠮᠲᠤᠷᠠᠭᠰᠠᠨ ᠨᠠᠮ ᠤᠨ ᠡᠭᠦᠷ ᠢ ᠪᠠᠶᠢᠭᠤᠯᠤᠨ᠂ ᠴᠢᠨᠠᠷ ᠰᠠᠶᠢᠲᠠᠢ ᠨᠤᠤᠯᠤᠭᠤᠷ ᠲᠤ ᠥᠨᠳᠥᠷ ᠦᠨ᠎ᠡ ᠪᠣᠳᠣᠵᠤ ᠨᠥᠬᠦᠪᠦᠷᠢ ᠥᠭᠬᠦ᠂ ᠡᠭᠦᠯᠳᠡᠷ ᠢ ᠪᠠᠲᠤᠯᠠᠨ ᠪᠣᠶᠢᠵᠢᠭᠤᠯᠬᠤ ᠠᠵᠢᠯ ᠢ ᠢᠳᠡᠪᠬᠢᠲᠡᠢ ᠠᠬᠢᠭᠤᠯᠪᠠ᠃ ᠳᠡᠯᠡᠬᠡᠢ ᠶᠢᠨ ᠲᠠᠰ ᠤᠨ ᠨᠤᠤᠯᠤᠭᠤᠷ ᠤᠨ ᠠᠵᠤ ᠦᠢᠯᠡᠰ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠪᠠᠰ ᠤᠨ ᠨᠤᠤᠯᠤᠭᠤᠷ ᠤᠨ ᠢᠮᠠᠭᠠᠨ ᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠠᠵᠤ ᠠᠬᠤᠶᠢᠯᠠᠯ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤᠪᠠᠷ ᠪᠠᠶᠢᠭᠤᠯᠵᠤ ᠬᠠᠮᠲᠤᠪᠠᠷ ᠴᠢᠨᠡᠭᠡᠯᠢᠭᠵᠢᠬᠦ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠵᠦ᠂ ᠣᠷᠳᠣᠰ · ᠡᠬᠢ ᠪᠡᠯᠴᠢᠭᠡᠷ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠲᠣᠪᠣᠶᠢᠯᠭᠠᠪᠠ᠃ ᠨᠢᠭᠡᠳᠦᠭᠡᠷ ᠠᠵᠤ ᠦᠢᠯᠡᠰ ᠢ ᠳᠠᠬᠢᠨ ᠪᠠᠶᠢᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ᠶᠢ ᠪᠦᠬᠦ ᠲᠠᠯ᠎ᠠ ᠪᠠᠷ ᠠᠬᠢᠭᠤᠯᠤᠨ᠂ ᠠᠵᠤ ᠦᠢᠯᠡᠳᠪᠦᠷᠢ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠵᠠᠭᠪᠤᠷ ᠢᠶᠠᠷ ᠠᠷᠪᠠᠰ ᠤᠨ ᠴᠠᠭᠠᠨ ᠢᠮᠠᠭᠠᠨ ᠤ ᠡᠭᠦᠯᠳᠡᠷ ᠢ ᠪᠣᠶᠢᠵᠢᠭᠤᠯᠤᠨ ᠬᠠᠮᠠᠭᠠᠯᠠᠬᠤ᠂ ᠡᠭᠦᠯᠳᠡᠷ ᠢ ᠦᠷᠡᠵᠢᠭᠦᠯᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠴᠢᠨᠠᠷ ᠰᠠᠶᠢᠲᠠᠢ ᠡᠭᠦᠯᠳᠡᠷ ᠤᠨ ᠢᠮᠠᠭ᠎ᠠ ᠲᠡᠵᠢᠭᠡᠬᠦ ᠬᠡᠪᠴᠢᠶ᠎ᠡ ᠶᠢ ᠲᠦᠭᠡᠮᠡᠯᠵᠢᠭᠦᠯᠦᠨ᠂ ᠴᠢᠨᠠᠷ ᠰᠠᠶᠢᠲᠠᠢ ᠢᠮᠠᠭᠠᠨ ᠨᠤᠤᠯᠤᠭᠤᠷ ᠤᠨ ᠦᠨ᠎ᠡ ᠬᠠᠩᠰᠢ ᠶᠢᠨ ᠲᠣᠭᠲᠠᠯᠴᠠᠭ᠎ᠠ ᠪᠠ ᠬᠤᠳᠠᠯᠳᠤᠨ ᠠᠪᠬᠤ ᠳᠦᠷᠢᠮ ᠢ ᠲᠣᠭᠲᠠᠭᠠᠵᠤ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ ᠮᠠᠯᠵᠢᠬᠤ ᠶᠢ ᠬᠥᠲᠥᠯᠥᠨ ᠵᠢᠯᠤᠭᠤᠳᠴᠦ᠂ ᠮᠠᠯᠴᠢᠨ ᠲᠠᠷᠢᠶᠠᠴᠢᠨ ᠤ ᠢᠳᠡᠪᠬᠢᠵᠢᠯ ᠢ ᠳᠠᠶᠢᠴᠢᠯᠠᠨ᠂ ᠬᠥᠮᠥᠨ ᠪᠦᠬᠦᠨ ᠣᠷᠣᠯᠴᠠᠭᠰᠠᠨ᠂ ᠠᠶᠢᠯ ᠪᠣᠯᠭᠠᠨ ᠠᠰᠢᠭ ᠭᠥᠷᠳᠡᠭᠰᠡᠨ ᠬᠠᠮᠲᠤ ᠪᠠᠷ ᠴᠢᠨᠡᠭᠡᠯᠢᠭᠵᠢᠨ ᠬᠠᠮᠲᠤ ᠪᠠᠷ ᠡᠳ᠋ᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃      ᠭᠤᠷᠪᠠ᠂ ᠨᠠᠮ ᠤᠨ ᠪᠠᠶᠢᠭᠤᠯᠤᠯᠲᠠ ᠪᠠᠷ ᠰᠣᠶᠣᠯ ᠵᠢᠭᠤᠯᠴᠢᠯᠠᠯ ᠤᠨ ᠦᠢᠯᠡᠰ ᠢ ᠬᠥᠲᠥᠯᠥᠨ ᠲᠠᠶᠢᠴᠢᠯᠠᠵᠦ᠂ ᠰᠣᠶᠣᠯ ᠤᠨ ᠦᠷ᠎ᠡ ᠪᠦᠲᠦᠭᠡᠯ ᠢ ᠬᠠᠮᠲᠤᠪᠠᠷ ᠡᠳ᠋ᠯᠡᠪᠡ᠃ ᠣᠲᠤᠭ ᠬᠤᠰᠢᠭᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠵᠢᠵᠢᠭ ᠲᠣᠭᠤᠷᠢᠯ ᠵᠠᠮ ᠤᠨ ᠣᠳᠣ ᠶᠢᠨ ᠪᠠᠶᠢᠭ᠎ᠠ ᠡᠬᠢ ᠪᠠᠶᠠᠯᠢᠭ ᠲᠤ ᠲᠦᠰᠢᠭᠯᠡᠨ᠂ 3 ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠪᠠ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠮᠠᠯ ᠠᠵᠤ ᠠᠬᠤᠢ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭᠠᠯᠠᠭᠰᠠᠨ ᠡᠵᠡᠩᠨᠡᠯᠲᠡ ᠶᠢ ᠶᠡᠬᠡᠪᠡᠷ ᠳᠡᠮᠵᠢᠵᠦ᠂ ︽ᠣᠷᠳᠣᠰ ᠤᠨ ᠲᠠᠯ᠎ᠠ ᠨᠤᠲᠤᠭ ᠤᠨ ᠨᠠᠶᠢᠷ︾ ᠤᠨ ᠰᠣᠶᠣᠯ ᠤᠨ ᠨᠥᠯᠥᠭᠡᠯᠡᠬᠦ ᠬᠦᠴᠦᠨ ᠢ ᠥᠷᠭᠡᠳᠬᠡᠨ᠂ 6 ︱ 8 ᠰᠣᠶᠣᠯ ᠵᠢᠭᠤᠯᠴᠢᠯᠠᠯ ᠤᠨ ᠰᠦᠯᠵᠢᠶᠡᠨ ᠤ ᠨᠡᠷᠡᠲᠡᠢ ᠭᠠᠵᠠᠷ ᠢ ᠪᠣᠶ ᠪᠣᠯᠭᠠᠵᠤ᠂ ᠨᠢᠩᠰᠢᠶᠠ ᠥᠪᠥᠷ ᠮᠣᠩᠭᠤᠯ ᠤᠨ ᠣᠷᠣᠨ ᠠᠯᠤᠰᠯᠠᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠪᠦᠲᠦᠭᠡᠭᠳᠡᠬᠦᠨ ᠢ ᠣᠨᠣᠪᠴᠢᠲᠠᠢ ᠨᠡᠭᠡᠭᠡᠨ᠂ ︽ᠮᠠᠯ ᠠᠵᠤ ᠠᠬᠤᠢ᠂ ᠰᠣᠶᠣᠯ᠂ ᠵᠢᠭᠤᠯᠴᠢᠯᠠᠯ︾ ᠤᠨ ᠣᠷᠭᠠᠨᠢᠭ ᠠᠭᠤᠰᠤᠯᠴᠠᠯ ᠢ ᠠᠬᠢᠭᠤᠯᠵᠤ᠂ ᠰᠣᠶᠣᠯ ᠢᠶᠠᠷ ᠵᠢᠭᠤᠯᠴᠢᠯᠠᠯ ᠢ ᠠᠬᠢᠭᠤᠯᠬᠤ᠂ ᠵᠢᠭᠤᠯᠴᠢᠯᠠᠯ ᠢᠶᠠᠷ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯ ᠠᠵᠤ ᠠᠬᠤᠢ ᠪᠠᠷ ᠰᠣᠶᠣᠯ ᠢ ᠬᠥᠭᠵᠢᠭᠦᠯᠬᠦ ᠰᠠᠶᠢᠨ ᠣᠷᠴᠢᠯ ᠢ ᠪᠣᠶ ᠪᠣᠯᠭᠠᠪᠠ᠃ ︽ᠨᠠᠮ ᠤᠨ ᠳᠤᠭᠤᠶᠢᠯᠠᠩ + ᠠᠵᠤ ᠦᠢᠯᠡᠰ ᠤᠨ ᠨᠡᠶᠢᠭᠡᠮᠯᠢᠭ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠵᠢᠭᠦᠯᠵᠦ᠂ ᠣᠲᠣ ᠨᠢᠭᠡᠨᠲᠡ 26 ᠰᠣᠶᠣᠯ ᠤᠨ ᠡᠷᠦᠬᠡ᠂ 14 ᠨᠠᠶᠢᠷ ᠤᠨ ᠤᠷᠠᠯᠢᠭ ᠤᠨ ᠠᠩᠭᠢ ᠶᠢ ᠪᠣᠶ ᠪᠣᠯᠭᠠᠨ᠂ ᠥᠨᠥ ᠵᠢᠯ ᠲᠠᠯ᠎ᠠ ᠨᠤᠲᠤᠭ ᠤᠨ ᠬᠥᠬᠡ ᠲᠠᠯ᠎ᠠ ᠬᠥᠭᠵᠢᠮ ᠤᠨ ᠠᠩᠭᠢ 24 ᠲᠠᠯᠠᠪᠤᠷ ᠲᠣᠭᠯᠠᠯᠲᠠ ᠭᠠᠷᠭᠠᠵᠤ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ 10 ᠭᠠᠷᠤᠢ ᠲᠠᠯᠠᠪᠤᠷ ᠥᠷᠨᠢᠭᠦᠯᠦᠨ᠂ ᠨᠠᠶᠢᠷ ᠤᠨ ᠰᠣᠶᠣᠯ ᠤᠨ ᠪᠣᠯᠪᠠᠰᠤᠷᠠᠯ ᠢ 5 ᠬᠤᠭᠤᠴᠠᠭ᠎ᠠ ᠡᠷᠭᠢᠯᠡᠪᠡ᠃      ᠳᠥᠷᠪᠡ᠂ ᠤᠯᠠᠨ ᠲᠠᠯ᠎ᠠ ᠶᠢᠨ ᠵᠠᠰᠠᠯᠲᠠ ᠪᠠᠷ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠪᠠ᠃ ︽1+ 5︾ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠡᠭᠦᠳᠴᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠡᠶ ᠡᠷᠭᠢᠯᠲᠡ ᠶᠢ ᠪᠡᠶᠡᠯᠡᠭᠦᠯᠵᠦ᠂ ᠲᠣᠣᠷᠴᠢᠯᠠᠨ ᠬᠠᠮᠢᠶᠠᠷᠤᠭᠰᠠᠨ᠂ ᠨᠠᠷᠢᠯᠢᠭ ᠦᠢᠯᠡᠴᠢᠯᠡᠭᠦᠯᠦᠭᠰᠡᠨ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢᠶᠠᠷ ᠳᠠᠮᠵᠢᠭᠤᠯᠤᠨ᠂ ᠰᠤᠮᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠪᠠ᠃ ᠰᠢᠨ᠎ᠡ ᠴᠠᠭ ᠦᠶ᠎ᠡ ᠶᠢᠨ ︽ᠹᠸᠡᠭ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ︾ ᠢ ᠲᠣᠭᠲᠠᠭᠠᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠲᠦᠮᠡᠨ ᠬᠠᠤᠯᠢᠴᠢ ᠶᠢ ᠲᠦᠮᠡᠨ ᠲᠣᠰᠬᠤᠨ ᠳᠤ ᠪᠠᠭᠤᠯᠭᠠᠬᠤ︾ ᠠᠵᠢᠯᠯᠠᠭ᠎ᠠ ᠲᠠᠢ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠳᠤ ᠲᠦᠰᠢᠭᠯᠡᠵᠦ᠂ ︽ᠴᠠᠭ ᠲᠤᠬᠠᠢ ᠳᠤᠨᠢ ᠬᠡᠷᠡᠭ ᠢ ᠳᠠᠭᠠᠭᠠᠨ ᠠᠪᠬᠤ᠂ ᠴᠠᠭ ᠲᠤᠬᠠᠢ ᠳᠤᠨᠢ ᠬᠠᠷᠢᠭᠤ ᠥᠭᠬᠦ᠂ ᠣᠯᠠᠨ ᠲᠠᠯ᠎ᠠ ᠪᠠᠷ ᠰᠤᠳᠤᠯᠤᠨ ᠮᠠᠭᠠᠳᠯᠠᠬᠤ᠂ ᠢᠳᠬᠠᠨ ᠤᠬᠠᠭᠠᠷᠠᠭᠤᠯᠬᠤ ᠪᠠᠷ ᠭᠤᠣᠯ ᠪᠣᠯᠭᠠᠬᠤ᠂ ᠬᠠᠪᠰᠤᠷᠤᠨ ᠲᠡᠳᠬᠦᠬᠦ ᠪᠠᠷ ᠬᠠᠪᠰᠤᠷᠤᠮᠵᠢ ᠪᠣᠯᠭᠠᠬᠤ︾ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠠᠷᠢᠯᠭᠠᠬᠤ ᠠᠷᠭ᠎ᠠ ᠪᠠᠷ ᠰᠤᠮᠤᠨ ᠤ ᠡᠯ᠎ᠡ ᠲᠥᠷᠥᠯ ᠤᠨ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠵᠥᠷᠢᠴᠡᠯ ᠡᠭᠦᠰᠦᠮᠡᠭᠴᠡ ᠡᠶᠡᠳᠡᠭᠦᠯᠦᠨ ᠰᠢᠢᠳᠪᠦᠷᠢᠯᠡᠬᠦ ᠶᠢ ᠪᠡᠶᠡᠯᠡᠭᠦᠯᠵᠦ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠢ ᠪᠣᠶ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠠᠷᠪᠠᠰ ᠰᠤᠮᠤ ᠬᠤᠯᠪᠤᠭᠠᠯᠠᠨ ᠪᠠᠶᠢᠭᠤᠯᠬᠤ ᠬᠡᠯᠪᠡᠷᠢ ᠪᠠᠨ ᠦᠷᠭᠦᠯᠵᠢᠯᠡᠨ ᠰᠢᠯᠢᠳᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ︽ᠶᠡᠭᠡ ᠲᠠᠶᠢᠯᠤᠮᠵᠢ᠂ ᠪᠠᠭ᠎ᠠ ᠬᠤᠯᠪᠣᠭᠠᠯᠠᠯ︾ ᠪᠠ ᠲᠠᠪᠤᠨ ᠱᠠᠲᠤᠨ ᠤ ᠬᠤᠯᠪᠤᠭᠠᠯᠠᠨ ᠬᠥᠳᠡᠯᠦᠯᠴᠡᠵᠦ ᠰᠤᠷᠤᠯᠴᠠᠬᠤ ᠠᠷᠭ᠎ᠠ ᠵᠡᠷᠭᠡ ᠰᠤᠷᠤᠯᠴᠠᠬᠤ ᠲᠣᠭᠲᠠᠴᠠ ᠪᠠᠷ ᠳᠠᠮᠵᠢᠭᠤᠯᠵᠤ᠂ ᠲᠠᠪᠤᠨ ᠱᠠᠲᠤᠨ ᠤ ᠪᠦᠷᠢᠯᠳᠦᠭᠦᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠪᠣᠯᠣᠨ ᠠᠵᠤ ᠦᠢᠯᠡᠰ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠢ ᠠᠭᠤᠰᠤᠯᠴᠠᠭᠤᠯᠤᠨ ᠬᠠᠷᠢᠯᠴᠠᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠦᠨ᠎ᠡ᠃ 
ᠢᠷᠡᠯᠲᠡ᠄ ᠠᠷᠪᠠᠰ ᠰᠤᠮᠤ