ᠰᠤ᠋ ᡁᠢ ᠰᠢᠶᠦ᠋ᠩ ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠸᠡᠭ ᠰᠢ ᠠᠵᠤ ᠦᠢᠯᠡᠰ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/19
      6 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠧᠩ ᠰᠢ ᠠᠵᠤ ᠦᠢᠯᠡᠰ ᠤᠨ ᠬᠦᠷᠢᠶᠡᠯᠡᠩ ᠤᠨ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠵᠢᠯᠯᠠᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠯᠢ ᡁᠢ ᠪᠢᠶᠣᠣ᠂ ᠦ᠋ ᠶᠦᠩ ᠨᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
1.jpg
      ᠰᠤ᠋ ᡁᠢ ᠰᠢᠶᠦ᠋ᠩ ᠭᠦᠸᠧ ᠨᠸᠡᠭ ᠮᠸᠡᠭ ᠰᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠵᠦᠩ ᠭᠦ᠋ ᠠᠭᠤᠷᠬᠠᠢ ᠶᠢᠨ ᠦᠢᠯᠡᠰ ᠤᠨ ᠺᠣᠮᠫᠠᠨᠢ᠂ ᠰᠢᠨ ᠵᠦᠩ ᠵᠢᠶᠠ ᠺᠣᠮᠫᠠᠨᠢ ᠵᠡᠷᠭᠡ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠨ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠠᠳᠠᠯᠤᠨ ᠰᠤᠳᠤᠯᠵᠤ᠂ ᠰᠢᠢᠳᠪᠦᠷᠢᠯᠡᠬᠦ ᠲᠤᠬᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠶᠠᠷᠢᠯᠴᠠᠪᠠ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠪᠣᠯ ᠠᠵᠤ ᠠᠬᠤᠢ ᠶᠢᠨ ᠬᠥᠭᠵᠢᠯᠲᠡ ᠶᠢᠨ ︽ᠰᠠᠭᠤᠷᠢ︾ ᠮᠥᠨ᠂ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠦᠴᠦᠨ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠪᠣᠯᠣᠨ ᠬᠦᠰᠡᠯ ᠱᠠᠭᠠᠷᠳᠠᠯᠭ᠎ᠠ ᠶᠢ ᠨᠢᠭᠲᠠ ᠠᠩᠬᠠᠷᠴᠤ᠂ ᠠᠵᠤ ᠠᠬᠤᠶᠢᠯᠠᠯ ᠤᠨ ᠪᠣᠳᠣᠯ ᠰᠠᠨᠠᠯ ᠢ ᠣᠶᠢᠯᠠᠭᠠᠨ᠂ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠵᠤ᠂ ᠬᠠᠨᠳᠤᠯᠭ᠎ᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠤᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠨ᠂ ᠠᠵᠤ ᠠᠬᠤᠶᠢᠯᠠᠯ ᠢ ᠰᠠᠨᠠᠭ᠎ᠠ ᠠᠮᠤᠷ ᠡᠵᠡᠩᠨᠡᠯᠲᠡ ᠬᠢᠯᠭᠡᠵᠦ᠂ ᠰᠠᠨᠠᠭ᠎ᠠ ᠠᠮᠤᠷ ᠪᠡᠯᠡ ᠣᠷᠣᠭᠤᠯᠤᠨ᠂ ᠨᠡᠩ ᠰᠠᠶᠢᠨ ᠬᠥᠭᠵᠢᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠢᠲᠡᠭᠡᠯ ᠵᠣᠷᠢᠭ ᠢᠶᠠᠨ ᠬᠥᠪᠴᠢᠯᠡᠨ᠂ ᠳᠠᠪᠠᠭᠤᠯᠢᠭ ᠢᠶᠠᠨ ᠪᠠᠳᠠᠷᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠠ ᠲᠣᠬᠢᠶᠠᠯ ᠢ ᠵᠠᠪᠳᠤᠵᠤ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠬᠥᠭᠵᠢᠯᠲᠡ ᠪᠠᠨ ᠠᠬᠢᠭᠤᠯᠤᠨ᠂ ᠠᠵᠤ ᠠᠬᠤᠶᠢᠯᠠᠯ ᠤᠨ ᠭᠤᠣᠯ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠵᠤ᠂ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠳᠡᠮᠵᠢᠬᠦ ᠬᠡᠷᠡᠭᠲᠡᠢ ᠭᠡᠪᠡ᠃      ᠰᠤ᠋ ᡁᠢ ᠰᠢᠶᠦ᠋ᠡᠭ ᠥᠪᠥᠷ ᠮᠣᠩᠭᠤᠯ ᠤᠨ ᠢ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢ ᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠠᠵᠤ ᠦᠢᠯᠡᠰ ᠤᠨ ᠬᠥᠭᠵᠢᠯᠲᠡ ᠳᠤᠮᠳᠠ ᠲᠤᠯᠭᠠᠷᠠᠭᠰᠠᠨ ᠬᠦᠴᠢᠷᠳᠡᠯ ᠵᠢᠴᠢ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠪᠣᠯᠣᠨ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠬᠤᠷ ᠴᠠᠭ ᠢ ᠵᠠᠪᠳᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠪᠠᠷᠢᠯᠭ᠎ᠠ ᠶᠢᠨ ᠬᠤᠭᠤᠴᠠᠭ᠎ᠠ ᠶᠢ ᠵᠣᠬᠢᠰᠲᠠᠢ ᠲᠣᠬᠢᠷᠠᠭᠤᠯᠵᠤ᠂ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠤᠨ᠂ ᠵᠢᠷᠤᠭ ᠲᠥᠯᠥᠪᠯᠡᠭᠡ ᠵᠣᠬᠢᠶᠠᠵᠤ᠂ ᠲᠦᠷᠦᠯ ᠵᠦᠢᠯ ᠢ ᠡᠷᠲᠡ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ  ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠢ ᠴᠠᠭ ᠢᠮᠠᠭᠲᠠ ᠴᠢᠩᠭ᠎ᠠ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠳᠦᠷᠢᠮ ᠢ ᠦᠢᠯᠡᠳᠪᠦᠷᠢᠯᠡᠯ ᠡᠵᠡᠩᠨᠡᠯᠲᠡ ᠶᠢᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠳᠠᠯᠳᠠ ᠲᠦᠭᠰᠢᠭᠦᠷᠢ ᠶᠢ ᠪᠥᠬᠦ ᠲᠠᠯ᠎ᠠ ᠪᠠᠷ ᠡᠮᠬᠢᠯᠡᠨ᠂ ᠡᠯ᠎ᠡ ᠵᠦᠢᠯ ᠤᠨ ᠳᠠᠯᠳᠠ ᠬᠡᠮ ᠢ ᠨᠠᠷᠢᠨ ᠪᠠᠶᠢᠴᠠᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠣᠭᠲᠠᠭᠤᠨ ᠣᠷᠴᠢᠨ ᠠᠬᠤᠢ ᠬᠠᠩᠭᠠᠬᠤ ᠬᠡᠷᠡᠭᠲᠡᠢ ᠭᠡᠪᠡ᠃   
ᠢᠷᠡᠯᠲᠡ᠄ ᠣᠲᠤᠭ ᠨᠡᠶᠢᠲᠡᠯᠡᠯ