ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ  ᠭᠤᠸ ᠬᠤᠸᠠᠢ ᠵᠢᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/19
      6 ᠳ᠋ᠤᠭᠠᠷ ᠰᠠᠷ᠎ᠠ ᠶᠢᠨ 19 ᠤ ᠡᠳᠦᠷ᠂ ᠪᠦᠭᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠪᠠ᠃ ᠰᠤ᠋ ᡁᠢ ᠰᠢᠶᠦ᠋ᠡᠭ᠂ ᠯᠢ ᠷᠦᠢ ᠮᠢᠨ᠂ ᠰᠠᠷᠠᠨᠲᠤᠶᠠᠭ᠎ᠠ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠤ᠋ ᡁᠢ ᠰᠢᠶᠦ᠋ᠡᠭ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠬᠠᠣᠠᠬᠠᠬᠤ ᠲᠤᠬᠠᠢ ᠴᠢᠬᠤᠯᠠ ᠥᠭᠦᠯᠡᠯᠲᠡ ᠪᠠ ᠪᠦᠭᠦ ᠣᠷᠣᠨ᠂ ᠪᠦᠭᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᡁᠢ ᠵᠢᠶᠦ᠋ᠨ ᠮᠠᠨ ᠤ ᠬᠤᠰᠢᠭᠤᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠵᠠᠳᠠᠯᠤᠯᠲᠠ ᠬᠢᠪᠡ᠃      ᠭᠤᠸ ᠬᠤᠸᠠᠢ ᠵᠢᠩ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠠᠢ ᠠᠵᠢᠯᠯᠠᠭ᠎ᠠ ᠮᠥᠨ᠂ ᠮᠠᠨ ᠤ ᠨᠠᠮ ᠤᠨ ᠦᠶ᠎ᠡ ᠶᠢᠨ ᠦᠶ᠎ᠡ ᠪᠠᠷ ᠳᠠᠮᠵᠢᠵᠤ ᠢᠷᠡᠭᠰᠡᠨ ᠢᠷᠠᠭᠤ ᠠᠯᠳᠠᠷᠲᠤ ᠤᠯᠠᠮᠵᠢᠯᠠᠯ ᠮᠥᠨ᠂ ᠰᠢᠨ᠎ᠡ ᠴᠠᠭ ᠦᠶ᠎ᠡ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠳᠦᠷᠢᠮ ᠲᠣᠭᠲᠠᠭᠠᠯ ᠢ ᠵᠢᠷᠤᠮᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠨ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠨ᠂ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠬᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠴᠢᠬᠤᠯᠠ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠬᠤ᠂ ᠵᠠᠰᠠᠭ ᠲᠤ ᠬᠤᠶᠢᠷᠭᠤᠰᠢᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠷ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠬᠦ ᠬᠡᠷᠡᠭᠲᠡᠢ᠃ ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠢᠮᠠᠭᠲᠠ ᠨᠠᠮ ᠳᠠᠭᠠᠨ ᠦᠨᠡᠨᠴᠢ ᠬᠠᠨᠳᠤᠬᠤ᠂ ᠡᠷᠡᠰ ᠬᠦᠷᠢᠶᠡᠯᠡᠨ ᠳᠠᠭᠠᠬᠤ᠂ ᠪᠡᠶ᠎ᠡ ᠪᠠᠨ ᠪᠠᠷᠢᠵᠤ ᠤᠯᠠᠨ ᠤ ᠲᠥᠯᠥᠭᠡ ᠵᠢᠳᠬᠦᠬᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ᠂ ᠬᠠᠷᠢᠭᠤᠴᠠᠯᠭ᠎ᠠ ᠪᠠᠨ ᠡᠭᠦᠷᠭᠡᠯᠡᠨ ᠪᠣᠳᠠᠲᠠᠢ ᠠᠵᠢᠯᠯᠠᠬᠤ᠂ ᠵᠢᠵᠢᠭ ᠰᠠᠵᠢᠭ ᠶᠠᠪᠤᠳᠠᠯ ᠳᠤ ᠬᠡᠷᠰᠡᠦ ᠪᠣᠯᠭᠤᠮᠵᠢᠲᠠᠢ ᠪᠠᠶᠢᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠳᠦᠷᠢᠮᠵᠢᠭᠦᠯᠦᠨ᠂ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠬᠤ ᠳᠤᠮᠳᠠ ᠥᠪᠡᠷ ᠢ ᠪᠠᠨ ᠳᠡᠭᠡᠭᠰᠢᠯᠡᠭᠦᠯᠵᠦ᠂ ᠣᠲᠤᠭ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠪᠡ᠃      ᠬᠤᠷᠠᠯ ᠳᠤ ᠣᠷᠣᠯᠴᠠᠭᠰᠠᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠳᠣᠲᠣᠭᠠᠳᠤ ᠪᠠᠶᠢᠭᠤᠯᠤᠮᠵᠢ ᠶᠢᠨ ᠳᠡᠳ᠋ ᠰᠠᠯᠠᠭᠠᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠡᠯ᠎ᠡ ᠰᠤᠮᠤ ᠪᠠᠯᠭᠠᠰᠤ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠤᠳᠤᠷᠢᠳᠬᠤ ᠪᠠᠭ ᠤᠨ ᠪᠦᠷᠢᠯᠳᠦᠭᠦᠨ ᠪᠠ ᠵᠠᠩᠭᠢᠯᠠᠭ᠎ᠠ ᠶᠢᠨ ᠺᠠᠳ᠋ᠷ ᠠᠴᠠ ᠳᠡᠭᠡᠭᠰᠢᠬᠢ ᠲᠡᠰ ᠤᠨ ᠺᠠᠳ᠋ᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ ᠵᠥᠪᠯᠡᠯ ᠤᠨ ᠡᠷᠬᠢᠯᠡᠭᠴᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠨᠠᠷ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ