ᠤᠯᠠᠭᠠᠨᠪᠠᠯᠭᠠᠰᠤᠨ ᠤ ᠢᠦᠢ ᠶᠢᠩ ᠨᠡᠶᠢᠭᠡᠮ ᠲᠣᠭᠤᠷᠢᠭ ᠠᠷᠠᠳᠴᠢᠯᠠᠯ ᠢᠶᠠᠷ ᠵᠥᠪᠳᠡᠯᠴᠡᠵᠦ  ᠨᠡᠶᠢᠭᠡᠮ ᠲᠣᠭᠤᠷᠢᠭ ᠤᠨ ᠵᠠᠰᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/6/20
      ᠤᠯᠠᠭᠠᠨᠪᠠᠯᠭᠠᠰᠤᠨ ᠤ ᠢᠦᠢ ᠶᠢᠩ ᠨᠡᠶᠢᠭᠡᠮ ᠲᠣᠭᠤᠷᠢᠭ ᠠᠷᠠᠳᠴᠢᠯᠠᠯ ᠢᠶᠠᠷ ᠵᠥᠪᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠳᠤ ᠹᠦ᠋ ᠲᠠᠢ ᠵᠢᠦᠢ᠂ ᠢᠦᠢ ᠵᠢᠩ ᠶᠤᠸᠠᠨ᠂ ᠶᠢᠨ ᠲᠠᠢ ᠬᠤᠸᠠ ᠶᠤᠸᠠᠨ ᠰᠠᠭᠤᠭᠠᠯᠢ ᠲᠣᠭᠤᠷᠢᠭ ᠤᠨ ᠬᠡᠰᠡᠭ ᠥᠮᠴᠢᠲᠡᠨ ᠤ ᠪᠠᠶᠢᠰᠢᠩ ᠤᠨ ᠨᠠᠷᠠᠪᠴᠢ ᠠᠴᠠ ᠪᠣᠷᠣᠭᠠᠨ ᠤ ᠤᠰᠤ ᠭᠤᠭᠤᠵᠢᠬᠤ᠂ ᠬᠡᠷᠡᠮ ᠤᠨ ᠭᠠᠳᠠᠷᠭᠤ ᠬᠠᠭᠤᠷᠠᠨ ᠤᠨᠠᠬᠤ᠂ ᠭᠡᠷ ᠤᠨ ᠣᠷᠣᠢ ᠠᠴᠠ ᠪᠣᠷᠣᠭᠠᠨ ᠤ ᠤᠰᠤ ᠭᠤᠭᠤᠵᠢᠬᠤ ᠵᠢᠴᠢ ᠤᠯᠠᠨ ᠨᠡᠶᠢᠲᠡ ᠶᠢᠨ ᠣᠷᠣᠨ ᠲᠣᠭᠤᠷᠢᠭ ᠢ ᠰᠡᠯᠪᠢᠨ ᠵᠠᠰᠠᠬᠤ ᠵᠡᠷᠭᠡ ᠠᠰᠠᠭᠤᠳᠠᠯ ᠤᠳ ᠤᠨ ᠲᠤᠬᠠᠢ ᠪᠦᠲᠦᠮᠵᠢᠲᠡᠢ ᠵᠥᠪᠳᠡᠯᠴᠡᠪᠡ᠃      ᠠᠷᠠᠳ ᠤᠯᠠᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠬᠦ ᠪᠠᠷ ᠢᠦᠢ ᠶᠢᠩ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠲᠣᠭᠤᠷᠢᠭ ᠤᠨ ᠬᠤᠯᠪᠣᠭᠳᠠᠯ ᠪᠦᠬᠦᠢ ᠥᠮᠴᠢᠲᠡᠨ᠂ ᠠᠳᠠᠯ ᠠᠬᠤᠢ ᠶᠢᠨ ᠺᠣᠮᠫᠠᠨᠢ ᠵᠡᠷᠭᠡ ᠤᠯᠠᠨ ᠲᠠᠯ᠎ᠠ ᠶᠢᠨ ᠲᠥᠯᠥᠭᠡᠯᠡᠭᠴᠢᠳ ᠲᠠᠢ ᠢᠳᠡᠪᠬᠢᠲᠡᠢ ᠬᠠᠷᠢᠯᠴᠠᠵᠤ ᠵᠥᠪᠳᠡᠯᠴᠡᠪᠡ᠃ ᠬᠤᠷᠠᠯ ᠳᠤ ᠣᠷᠣᠯᠴᠠᠭᠰᠠᠳ ᠯᠤᠭ᠎ᠠ ᠠᠯᠢ ᠲᠠᠯ᠎ᠠ ᠶᠢᠨ ᠬᠢᠨ ᠪᠡᠯᠡ ᠮᠥᠩᠭᠦ ᠭᠠᠷᠭᠠᠵᠤ ᠰᠡᠯᠪᠢᠨ ᠵᠠᠰᠠᠬᠤ᠂ ᠬᠡᠷᠬᠢᠨ ᠰᠡᠯᠪᠢᠨ ᠵᠠᠰᠠᠬᠤ ᠲᠤᠬᠠᠢ ᠶᠠᠷᠢᠯᠴᠠᠵᠤ᠂ ᠤᠯᠠᠨ ᠢᠶᠠᠷ ᠢᠶᠠᠨ ᠢᠳᠡᠪᠬᠢᠲᠡᠢ ᠪᠠᠷ ᠰᠠᠨᠠᠯ ᠢᠶᠠᠨ ᠳᠤᠷᠠᠳᠤᠨ᠂ ᠠᠷᠭ᠎ᠠ ᠰᠦᠪᠡᠭᠴᠢᠯᠡᠵᠦ᠂ ᠰᠡᠯᠪᠢᠨ ᠵᠠᠰᠠᠬᠤ ᠲᠥᠰᠥᠯ ᠢ ᠬᠠᠮᠲᠤᠪᠠᠷ ᠵᠥᠪᠳᠡᠯᠴᠡᠪᠡ᠃ᠳᠠᠬᠢᠨ ᠳᠠᠪᠲᠠᠨ ᠶᠠᠷᠢᠯᠴᠠᠵᠤ ᠵᠥᠪᠳᠡᠯᠴᠡᠬᠦ ᠪᠠᠷ ᠳᠡᠮᠵᠢᠨ᠂ ᠨᠡᠶᠢᠭᠡᠮ ᠲᠣᠭᠤᠷᠢᠭ᠂ ᠠᠳᠠᠯ ᠠᠬᠤᠢ ᠶᠢᠨ ᠺᠣᠮᠫᠠᠨᠢ ᠬᠢᠭᠡᠳ ᠥᠮᠴᠢᠲᠡᠨ ᠨᠢ ᠰᠡᠯᠪᠢᠨ ᠵᠠᠰᠠᠬᠤ ᠭᠤᠣᠯ ᠴᠣᠭᠴᠠ ᠪᠠ ᠰᠡᠯᠪᠢᠨ ᠵᠠᠰᠠᠬᠤ ᠲᠥᠰᠥᠯ ᠤᠨ ᠲᠠᠯ᠎ᠠ ᠪᠠᠷ ᠳᠣᠣᠷᠠᠬᠢ ᠮᠡᠲᠦ ᠬᠠᠮᠲᠤ ᠶᠢᠨ ᠲᠠᠨᠢᠯᠲᠠ ᠲᠠᠢ ᠪᠣᠯᠪᠠ᠄⒈ᠨᠡᠶᠢᠭᠡᠮ ᠲᠣᠭᠤᠷᠢᠭ ᠪᠠ ᠵᠸᠡᠭ ᠴᠢ ᠠᠳᠠᠯ ᠠᠬᠤᠢ ᠶᠢᠨ ᠺᠣᠮᠫᠠᠨᠢ ᠰᠠᠭᠤᠭᠠᠯᠢ ᠲᠣᠭᠤᠷᠢᠭ ᠳᠣᠲᠣᠷᠠᠬᠢ ᠣᠯᠠᠨ ᠨᠡᠶᠢᠲᠡ ᠶᠢᠨ ᠣᠷᠣᠨ ᠲᠣᠭᠤᠷᠢᠭ ᠵᠢᠴᠢ ᠡᠵᠡᠨ ᠦᠭᠡᠢ ᠭᠡᠷ ᠪᠠᠶᠢᠰᠢᠩ ᠤᠨ ᠪᠣᠷᠣᠭᠠᠨ ᠤ ᠤᠰᠤ ᠭᠤᠭᠤᠵᠢᠬᠤ ᠠᠰᠠᠭᠤᠳᠠᠯ ᠢ ᠬᠠᠮᠲᠤᠪᠠᠷ ᠰᠡᠯᠪᠢᠨ ᠵᠠᠰᠠᠨ᠎ᠠ᠃⒉ᠥᠮᠴᠢᠲᠡᠨ ᠥᠪᠡᠷ ᠢᠶᠠᠨ ᠰᠡᠯᠪᠢᠨ  ᠵᠠᠰᠠᠪᠠᠯ᠂ 20% ᠶᠢᠨ ᠵᠠᠷᠤᠳᠠᠯ ᠢ ᠥᠪᠡᠰᠦᠪᠡᠨ ᠭᠠᠷᠭᠠᠵᠤ᠂ ᠠᠳᠠᠯ ᠠᠬᠤᠢ ᠶᠢᠨ ᠺᠣᠮᠫᠠᠨᠢ 20% ᠶᠢ ᠨᠢ ᠭᠠᠷᠭᠠᠨ᠂ ᠨᠡᠶᠢᠭᠡᠮ ᠲᠣᠭᠤᠷᠢᠭ ᠦᠯᠡᠳᠡᠭᠰᠡᠨ 60% ᠶᠢ ᠭᠠᠷᠭᠠᠨ᠎ᠠ᠃⒊ᠬᠤᠷᠠᠯ ᠳᠤ ᠣᠷᠣᠯᠴᠠᠭᠰᠠᠳ ᠳᠡᠭᠡᠷᠡᠬᠢ ᠰᠡᠯᠪᠢᠨ ᠵᠠᠰᠠᠬᠤ ᠲᠥᠰᠥᠯ ᠢ ᠵᠥᠪᠰᠢᠶᠡᠷᠡᠪᠡᠯ ᠬᠤᠷᠠᠯ ᠤᠨ ᠲᠠᠷᠠᠭ᠎ᠠ ᠳᠠᠩᠰᠠᠯᠠᠭᠤᠯᠵᠤ᠂ ᠪᠠᠷᠢᠯᠭ᠎ᠠ ᠶᠢᠨ ᠠᠵᠢᠯ ᠢᠶᠠᠨ ᠲᠦᠷᠭᠡᠬᠡᠨ ᠡᠬᠢᠯᠡᠭᠦᠯᠬᠦ ᠳᠤ ᠲᠦᠬᠦᠮ ᠦᠵᠡᠭᠦᠯᠦᠨ᠎ᠡ᠃      ᠲᠣᠰ ᠤᠳᠠᠭᠠᠨ ᠤ ᠵᠥᠪᠯᠡᠬᠦ ᠬᠤᠷᠠᠯ ᠨᠢ ᠥᠷᠭᠡᠨ ᠣᠯᠠᠨ ᠰᠠᠭᠤᠭᠠᠯᠢ ᠠᠷᠠᠳ ᠤᠨ ᠡᠵᠡᠨ ᠬᠥᠮᠥᠨ ᠤ ᠤᠬᠠᠮᠰᠠᠷ ᠢ ᠤᠯᠠᠮ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ 
ᠢᠷᠡᠯᠲᠡ᠄ ᠤᠯᠠᠭᠠᠨᠪᠠᠯᠭᠠᠰᠤ