ᠣᠲᠤᠭ ᠬᠤᠰᠢᠭᠤᠨ ᠤ ᠮᠧᠩ ᠰᠢ ᠪᠠᠯᠭᠠᠰᠤ ᠴᠠᠬᠢᠯᠭᠠᠨ ᠤᠲᠠᠰᠤ ᠶᠢ ᠴᠡᠭᠴᠡᠯᠡᠵᠦ  ᠠᠮᠤᠷ ᠲᠦᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2024/6/20
      ︽ᠠᠨᠢᠶ᠎ᠠ ᠲᠠ ᠰᠠᠶᠢᠨ ᠦᠦ︖ ᠠᠰᠠᠷ ᠳᠡᠭᠡᠷ᠎ᠡ ᠠᠴᠠ ᠤᠲᠠᠰᠤ ᠲᠠᠲᠠᠵᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠦᠭᠡᠢ ᠰᠢᠦ᠂ ᠢᠩᠭᠢᠬᠦ ᠨᠢ ᠭᠠᠯ ᠭᠠᠷᠬᠤ ᠠᠶᠤᠯ ᠲᠠᠢ᠂ ᠢᠯᠠᠩᠭᠤᠶ᠎ᠠ ᠪᠣᠷᠣᠭᠠᠨ ᠲᠠᠢ ᠡᠳᠦᠷ ᠪᠣᠯ ᠴᠠᠬᠢᠯᠭᠠᠨ ᠠᠯᠳᠠᠭᠳᠠᠵᠤ᠂ ᠭᠠᠯ ᠭᠠᠷᠬᠤ᠂ ᠬᠥᠮᠥᠨ ᠰᠢᠷᠬᠠᠲᠤᠵᠤ ᠭᠡᠮᠲᠦᠬᠦ ᠵᠡᠷᠭᠡ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠴᠤ ᠮᠡᠳᠡᠨ᠎ᠡ︾ ᠭᠡᠵᠦ ᠮᠧᠩ ᠰᠢ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠤᠨ ᠠᠵᠢᠯᠲᠠᠨ ᠶᠠᠩ ᠬᠤᠤ ᠳ᠋ᠦᠩ ᠰᠠᠭᠤᠭᠠᠯᠢ ᠠᠷᠠᠳ ᠢ ᠬᠦᠯᠢᠴᠡᠩᠭᠦᠢ ᠪᠠᠷ ᠢᠳᠬᠠᠨ ᠰᠤᠷᠭᠠᠵᠤ ᠪᠠᠶᠢᠯ᠎ᠠ᠃      ᠬᠠᠷᠢᠶ᠎ᠠ ᠣᠷᠣᠨ ᠳᠠᠬᠢ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠠᠵᠢᠯ ᠢ ᠤᠯᠠᠮ ᠵᠢᠷᠤᠮᠵᠢᠭᠤᠯᠬᠤ ᠶᠢᠨ ᠲᠤᠰᠠᠳᠠ᠂ ᠮᠧᠩ ᠰᠢ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠮᠧᠩ ᠰᠢ ᠪᠠᠯᠭᠠᠰᠤᠨ ᠤ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ᠂ ᠭᠠᠯ ᠤᠨᠲᠠᠷᠠᠭᠠᠬᠤ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠲᠣᠭᠲᠠᠭᠠᠯ ᠵᠥᠷᠢᠴᠡᠨ ᠤᠲᠠᠰᠤ ᠲᠠᠲᠠᠵᠤ ᠴᠠᠬᠢᠯᠭᠠᠨ ᠴᠡᠨᠡᠭᠯᠡᠬᠦ ᠠᠰᠠᠭᠤᠳᠠᠯ ᠢ  ᠴᠡᠭᠴᠡᠯᠡᠬᠦ ᠠᠵᠢᠯ ᠥᠷᠨᠢᠭᠦᠯᠪᠡ᠃      ᠬᠠᠮᠲᠤᠷᠠᠨ ᠴᠡᠭᠴᠡᠯᠡᠨ ᠵᠠᠰᠠᠬᠤ ᠶᠠᠪᠤᠴᠠ ᠳᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠪᠠ ᠠᠵᠢᠯᠲᠠᠳ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠤᠲᠠᠰᠤ ᠲᠠᠲᠠᠵᠤ ᠴᠠᠬᠢᠯᠭᠠᠨ ᠴᠡᠨᠡᠭᠯᠡᠬᠦ ᠶᠢ ᠬᠤᠷᠢᠭᠯᠠᠬᠤ ᠤᠬᠠᠭᠤᠯᠭ᠎ᠠ ᠪᠠ ᠪᠠᠶᠢᠴᠠᠭᠠᠯᠲᠠ ᠬᠢᠪᠡ᠃ ᠳᠠᠷᠠᠭ᠎ᠠ  ᠨᠢ ᠴᠡᠭᠴᠡᠯᠡᠨ ᠵᠠᠰᠠᠬᠤ ᠳᠤᠭᠤᠶᠢᠯᠠᠩ ᠤᠨ ᠬᠢᠨ ︽ᠲᠣᠭᠤᠷᠢᠨ ᠪᠠᠶᠢᠴᠠᠭᠠᠬᠤ ᠶᠢᠨ ᠵᠡᠷᠭᠡᠪᠡᠷ ᠢᠳᠬᠠᠨ ᠰᠤᠷᠭᠠᠵᠤ᠂ ᠴᠡᠭᠴᠡᠯᠡᠨ ᠰᠠᠶᠢᠵᠢᠷᠠᠭᠤᠯᠬᠤ︾ ᠵᠠᠷᠴᠢᠮ ᠢ ᠪᠠᠷᠢᠮᠲᠠᠯᠠᠵᠤ᠂ ᠡᠮᠦᠨᠡᠬᠢ ᠬᠤᠭᠤᠴᠠᠭᠠᠨ ᠳᠤ ᠪᠠᠶᠢᠴᠠᠭᠠᠵᠤ ᠭᠠᠷᠭᠠᠭᠰᠠᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠤᠲᠠᠰᠤ ᠲᠠᠲᠠᠵᠤ ᠴᠠᠬᠢᠯᠭᠠᠨ ᠴᠡᠨᠡᠭᠯᠡᠬᠦ ᠪᠠ ᠳᠤᠷ᠎ᠠ ᠪᠠᠷ ᠢᠶᠠᠨ ᠵᠣᠭᠰᠤᠭᠠᠬᠤ ᠵᠡᠷᠭᠡ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠳᠤᠷ᠎ᠠ ᠪᠠᠷ ᠢᠶᠠᠨ ᠵᠣᠭᠰᠣᠭᠠᠵᠤ ᠲᠠᠯᠪᠢᠬᠤ᠂ ᠤᠲᠠᠰᠤ ᠲᠠᠲᠠᠵᠤ ᠴᠠᠬᠢᠯᠭᠠᠨ ᠴᠡᠨᠡᠭᠯᠡᠬᠦ ᠵᠡᠷᠭᠡ ᠴᠠᠬᠢᠯᠭᠠᠨ ᠬᠥᠳᠡᠯᠭᠡᠭᠦᠷᠲᠦ ᠲᠡᠷᠭᠡ ᠶᠢ ᠣᠯᠵᠤ ᠮᠡᠳᠡᠪᠡᠯ᠂ ᠴᠠᠭ ᠳᠠᠷᠤᠢ ᠳᠤᠨᠢ ᠲᠡᠷᠭᠡᠨ ᠤ ᠡᠵᠡᠨ ᠳᠤ ᠤᠲᠠᠰᠤ ᠪᠠᠨ ᠬᠤᠷᠢᠶᠠᠵᠤ ᠠᠪᠬᠤ ᠶᠢ ᠮᠡᠳᠡᠭᠳᠡᠨ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠪᠠᠨ ᠠᠰᠠᠷ ᠤᠨ ᠣᠷᠣᠴᠠ ᠡᠭᠦᠳᠡᠨ ᠳᠤ ᠵᠣᠭᠰᠣᠭᠠᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠪᠠᠷ ᠠᠮᠤᠷ ᠲᠦᠪᠰᠢᠨ ᠢᠶᠠᠷ ᠴᠠᠬᠢᠯᠭᠠᠨ  ᠴᠡᠨᠡᠭᠯᠡᠬᠦ ᠶᠢ ᠬᠥᠲᠥᠯᠥᠨ ᠵᠢᠯᠣᠭᠤᠳᠪᠠ᠃      ᠡᠭᠦᠨ ᠤ ᠬᠠᠮᠲᠤ᠂ ᠠᠵᠢᠯᠲᠠᠳ ᠬᠠᠭᠤᠴᠢᠷᠠᠭᠰᠠᠨ ᠤᠲᠠᠰᠤ ᠶᠢ ᠪᠥᠬᠦ ᠲᠠᠯ᠎ᠠ ᠪᠠᠷ ᠨᠤᠷᠠᠭᠠᠵᠤ᠂ ᠡᠷᠦᠢ ᠬᠤᠷᠤᠢ ᠦᠭᠡᠢ ᠦᠵᠡᠭᠳᠡᠯ ᠢ ᠴᠡᠭᠴᠡᠯᠡᠨ᠂ ᠡᠮᠬᠢ ᠵᠠᠮᠪᠠᠷᠠᠭ᠎ᠠ ᠦᠭᠡᠢ ᠤᠲᠠᠰᠤ ᠶᠢ ᠵᠢᠷᠤᠮᠵᠢᠭᠤᠨ ᠪᠣᠯᠭᠠᠭᠠᠳ ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠪᠥᠭᠡᠳ ᠲᠦᠷᠬᠦ ᠪᠠᠶᠢᠳᠠᠯ ᠢ ᠴᠤ ᠭᠤᠶᠤ ᠰᠠᠶᠢᠬᠠᠨ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠮᠧᠩ ᠰᠢ ᠪᠠᠯᠭᠠᠰᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠲᠠᠰᠤ ᠲᠠᠲᠠᠵᠤ ᠴᠠᠬᠢᠯᠭᠠᠨ ᠴᠡᠨᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠭᠡᠷ ᠲᠤ ᠪᠠᠨ ᠣᠷᠣᠭᠤᠯᠵᠤ ᠴᠡᠨᠡᠭᠯᠡᠬᠦ ᠶᠢ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠦᠨ᠎ᠡ᠃ ᠡᠭᠦᠨ ᠤ ᠬᠠᠮᠲᠤ᠂ ᠰᠠᠭᠤᠭᠠᠯᠢ ᠠᠷᠠᠳ ᠢ ᠬᠥᠮᠥᠵᠢᠭᠦᠯᠦᠨ ᠵᠢᠯᠤᠭᠤᠳᠴᠤ   ᠴᠠᠬᠢᠯᠭᠠᠨ ᠢ ᠵᠢᠷᠤᠮᠵᠢᠯ ᠲᠠᠢ ᠬᠡᠷᠡᠭᠯᠡᠬᠦ᠂ ᠠᠮᠤᠷ ᠲᠦᠪᠰᠢᠨ ᠬᠡᠷᠡᠭᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠳᠠᠯᠳᠠ ᠭᠡᠮ ᠢ ᠤᠯᠠᠮ ᠨᠢᠭᠡ ᠠᠯᠬᠤᠮ ᠠᠷᠢᠯᠭᠠᠨ᠂ ᠰᠠᠭᠤᠭᠠᠯᠢ ᠠᠷᠠᠳ ᠲᠤ ᠠᠮᠤᠷ ᠲᠠᠶᠢᠪᠤᠩ ᠡᠶ᠎ᠡ ᠵᠣᠬᠢᠴᠠᠩᠭᠤᠢ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ 
ᠢᠷᠡᠯᠲᠡ᠄ ᠮᠧᠩ ᠰᠢ ᠪᠠᠯᠭᠠᠰᠤ