ᠣᠲᠤᠭ ᠬᠤᠰᠢᠭᠤᠨ ᠤ ᠴᠢ ᠫᠠᠨ ᠵᠢᠩ ᠪᠠᠯᠭᠠᠰᠤ ︽ᠪᠠᠯᠭᠠᠰᠤ ᠶᠢ ᠴᠤᠮᠬᠠᠳᠬᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠡᠬᠢᠯᠡᠭᠦᠯᠵᠦ  ᠠᠩᠬ᠎ᠠ ᠤᠳᠠᠭᠠᠨ ᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/6/20
      ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠪᠠᠶᠢᠩᠭᠤ ᠶᠢᠨ ᠲᠣᠭᠲᠠᠴᠠ ᠶᠢ ᠲᠡᠭᠦᠯᠳᠡᠷᠵᠢᠭᠦᠯᠬᠦ︾ ᠪᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠤᠨ᠂ ᠰᠦᠨ ᠱᠣᠣ ᠴᠧᠩ ᠱᠦᠵᠢ ᠶᠢᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠦᠷᠭᠦᠯᠵᠢᠯᠡᠨ ᠴᠢᠩᠭ᠎ᠠ ᠠᠳᠬᠤᠨ ᠪᠣᠳᠠᠲᠠᠶᠢᠵᠢᠭᠤᠯᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠴᠢ ᠫᠠᠨ ᠵᠢᠩ ᠪᠠᠯᠭᠠᠰᠤ ︽ᠪᠠᠯᠭᠠᠰᠤ ᠶᠢ ᠴᠤᠮᠬᠠᠳᠬᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠡᠬᠢᠯᠡᠭᠦᠯᠵᠦ᠂ ᠣᠯᠠᠨ ᠨᠣᠬᠠᠢ ᠶᠢᠨ ᠴᠢᠷᠭ᠎ᠠ ᠲᠣᠰᠬᠤᠨ ᠳᠤ ᠠᠩᠬ᠎ᠠ ᠤᠳᠠᠭᠠᠨ ᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠶᠢ ᠥᠷᠨᠢᠭᠦᠯᠦᠨ᠂ ︽ᠪᠦᠭᠦᠳᠡ ᠶᠢ ᠬᠠᠮᠤᠷᠬᠤ᠂ ᠨᠢᠭᠤᠷᠳᠠᠨ ᠦᠢᠯᠡᠴᠢᠯᠡᠬᠦ᠂ ᠴᠢᠨᠠᠷ ᠰᠠᠶᠢᠲᠠᠢ ᠪᠠᠶᠢᠬᠤ︾ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠵᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠬᠡᠪᠴᠢᠶ᠎ᠡ ᠶᠢ ︽ᠡᠴᠦᠰ ᠤᠨ ᠨᠢᠭᠡ ᠺᠢᠯᠣᠮᠧᠲᠷ︾ ᠬᠦᠷᠲᠡᠯ᠎ᠡ ᠤᠷᠲᠤᠳᠬᠠᠪᠠ᠃     ᠲᠣᠰ ᠤᠳᠠᠭᠠᠨ ᠤ ᠠᠵᠢᠯᠯᠠᠭ᠎ᠠ ᠪᠠᠷ 200 ᠭᠠᠷᠤᠢ ᠬᠥᠮᠥᠨ ᠳᠤ ᠰᠢᠭᠤᠳ ᠦᠢᠯᠡᠴᠢᠯᠡᠵᠦ᠂ 335 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠲᠤᠬᠠᠢ ᠶᠢᠨ ᠲᠠᠯᠠᠪᠤᠷ ᠲᠤ ᠭᠦᠢᠴᠡᠳᠬᠡᠪᠡ᠃ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ ᠳᠠᠷᠤᠭᠠᠰᠤ ᠶᠢ ᠬᠥᠩᠭᠡᠯᠡᠬᠦ ᠦᠢᠯᠡᠴᠢᠯᠡᠭᠡᠨ ᠤ ᠵᠥᠪᠯᠡᠯᠭᠡ ᠶᠢ 37 ᠤᠳᠠᠭ᠎ᠠ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠶᠢ 195 ᠤᠳᠠᠭ᠎ᠠ ︵ᠡᠭᠦᠨ ᠳᠤ 82 ᠬᠦᠮᠦᠨ ᠳᠤ ᠵᠢᠷᠦᠬᠡᠨ ᠤ ᠯᠤᠭᠰᠢᠯᠲᠠ ᠶᠢᠨ ᠵᠢᠷᠤᠭ ᠤᠨ ᠬᠢᠨᠠᠨ ᠬᠡᠮᠵᠢᠯᠲᠡ ᠬᠢᠵᠦ᠂ 98 ᠬᠦᠮᠦᠨ ᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠨ᠂ 6 ᠬᠡᠦᠬᠡᠳ ᠲᠤ ᠬᠡᠦᠬᠡᠳ ᠤᠨ ᠳᠣᠲᠣᠷ ᠰᠠᠯᠠᠭᠠᠨ ᠤ ᠪᠠᠶᠢᠴᠠᠭᠠᠯᠲᠠ᠂ 9 ᠬᠦᠮᠦᠨ ᠳᠤ ᠶᠡᠷᠦᠩᠬᠡᠶᠢᠯᠡᠭᠰᠡᠨ ᠭᠠᠳᠠᠷ ᠰᠠᠯᠠᠭᠠᠨ ᠤ ᠪᠠᠶᠢᠴᠠᠭᠠᠯᠲᠠ ᠬᠢᠪᠡ︶᠂ ᠮᠠᠯ ᠤᠨᠤᠭ᠎ᠠ ᠶᠢ ᠣᠨᠣᠰᠢᠯᠠᠨ ᠡᠮᠨᠡᠬᠦ ᠦᠢᠯᠡᠴᠢᠯᠡᠭᠡ ᠶᠢ 22 ᠤᠳᠠᠭ᠎ᠠ᠂ ᠨᠥᠬᠦᠪᠦᠷᠢ ᠶᠢᠨ ᠳᠠᠩᠰᠠᠯᠠᠯᠲᠠ ᠪᠠ ᠭᠡᠷᠡᠴᠢᠯᠡᠯᠲᠡ ᠶᠢᠨ ᠦᠢᠯᠡᠴᠢᠯᠡᠭᠡ ᠶᠢ 11 ᠤᠳᠠᠭ᠎ᠠ᠂ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ 18 ᠤᠳᠠᠭ᠎ᠠ᠂ ᠬᠠᠤᠯᠢ ᠴᠠᠭᠠᠵᠠ ᠶᠢᠨ ᠯᠠᠪᠯᠠᠭ᠎ᠠ ᠶᠢᠨ ᠦᠢᠯᠡᠴᠢᠯᠡᠭᠡ ᠶᠢ 23 ᠤᠳᠠᠭ᠎ᠠ᠂ ᠥᠪᠡᠷᠮᠢᠴᠡ ᠦᠢᠯᠡᠴᠢᠯᠡᠭᠡ ᠶᠢ 29 ᠤᠳᠠᠭ᠎ᠠ ︵ᠡᠭᠦᠨ ᠳᠤ ᠦᠰᠦ ᠵᠠᠰᠠᠬᠤ ᠦᠢᠯᠡᠴᠢᠯᠡᠭᠡ 23 ᠤᠳᠠᠭ᠎ᠠ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ 6 ᠤᠳᠠᠭ᠎ᠠ︶ ᠬᠠᠩᠭᠠᠵᠤ᠂ ᠰᠠᠭᠤᠭᠠᠯᠢ ᠠᠷᠠᠳ ᠲᠤ ᠪᠠᠭ᠎ᠠ ᠶᠠᠪᠤᠳᠠᠯ᠂ ᠪᠣᠳᠠᠲᠤ ᠶᠠᠪᠤᠳᠠᠯ ᠢ ᠭᠡᠷ ᠤᠨ ᠡᠭᠦᠳᠡᠨ ᠳᠤᠨᠢ ᠭᠦᠢᠴᠡᠳᠬᠡᠵᠦ ᠥᠭᠪᠡ᠃      ᠴᠢ ᠫᠠᠨ ᠵᠢᠩ ᠪᠠᠯᠭᠠᠰᠤ ᠥᠨᠥ ᠵᠢᠯ ︽ᠪᠠᠯᠭᠠᠰᠤ ᠶᠢ ᠴᠤᠮᠬᠠᠳᠬᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ᠂ ᠠᠳᠠᠯᠢᠳᠬᠠᠬᠤ ᠰᠤᠷᠬᠤ ᠬᠥᠭᠡᠭᠡᠵᠦ ᠭᠦᠢᠴᠡᠨ ᠳᠠᠪᠠᠵᠤ ᠭᠠᠷᠬᠤ᠂ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯ ᠤᠨ ᠰᠡᠳᠬᠢᠴᠡ ᠶᠣᠰᠣᠭᠠᠷ᠂ ᠵᠠᠰᠠᠯᠲᠠ ᠶᠢᠨ ᠬᠦᠴᠦᠨ᠂ ᠬᠠᠷᠢᠭᠤᠴᠠᠯᠭ᠎ᠠ ᠪᠠ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ︽ᠪᠠᠯᠭᠠᠰᠤ ᠶᠢ ᠴᠤᠮᠬᠠᠳᠬᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠡᠬᠢᠯᠡᠭᠦᠯᠪᠡ᠃ ᠪᠠᠯᠭᠠᠰᠤᠨ ᠤ ᠵᠠᠷᠢᠮ ᠺᠠᠳ᠋ᠷ ᠢ ᠡᠯ᠎ᠡ ᠭᠠᠴᠠᠭ᠎ᠠ ᠲᠣᠰᠬᠤᠨ ᠳᠤ ᠪᠠᠭᠤᠯᠭᠠᠵᠤ᠂  ᠭᠠᠴᠠᠭ᠎ᠠ ᠲᠣᠰᠬᠤᠨ ᠢ ᠳᠠᠭᠠᠭᠠᠴᠢᠯᠠᠭᠤᠯᠤᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ᠨᠢᠭᠡᠪᠦᠷᠢ ᠳᠤ 8 ︱ 13 ᠬᠥᠮᠥᠨ ᠲᠠᠢ ᠨᠢᠭᠤᠷᠳᠠᠨ ᠦᠢᠯᠡᠴᠢᠯᠡᠬᠦ ᠠᠩᠭᠢ ᠶᠢ ᠪᠣᠶ  ᠪᠣᠯᠭᠠᠨ᠂ ᠰᠠᠷ᠎ᠠ ᠪᠦᠷᠢ ᠭᠠᠴᠠᠭ᠎ᠠ ᠲᠣᠰᠬᠤᠨ ᠨᠢᠭᠡᠪᠦᠷᠢ ᠳᠤ ︽ᠨᠢᠭᠤᠷᠳᠠᠨ ᠦᠢᠯᠡᠴᠢᠯᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠭᠠᠴᠠᠭ᠎ᠠ ᠲᠣᠰᠬᠤᠨ ᠤ ᠳᠡᠭᠡᠭᠰᠢ ᠮᠡᠳᠡᠭᠦᠯᠦᠭᠰᠡᠨ ᠱᠠᠭᠠᠷᠳᠠᠯᠭ᠎ᠠ ᠶᠢ ᠦᠨᠳᠦᠰᠦᠯᠡᠨ ᠪᠠᠯᠭᠠᠰᠤ ᠠᠴᠠ ᠦᠢᠯᠡᠴᠢᠯᠡᠭᠡᠨ ᠤ ᠲᠡᠷᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠭᠠᠴᠠᠭ᠎ᠠ ᠲᠣᠰᠬᠤᠨ ᠳᠤ ᠪᠠᠭᠤᠯᠭᠠᠨ ︽6+N︾ ᠦᠢᠯᠡᠴᠢᠯᠡᠭᠡ   ᠬᠠᠩᠭᠠᠵᠤ᠂ ᠵᠢᠷᠭᠤᠭᠠᠨ ᠵᠦᠢᠯ ᠤᠨ ᠲᠣᠭᠲᠠᠮᠠᠯ ᠦᠢᠯᠡᠴᠢᠯᠡᠭᠡ ︵ᠪᠠᠩᠬᠢ ᠶᠢ ᠵᠣᠬᠢᠶᠠᠨ ᠪᠠᠶᠢᠭᠤᠯᠵᠤ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠬᠦ ᠦᠢᠯᠡᠴᠢᠯᠡᠭᠡ ᠬᠠᠩᠭᠠᠬᠤ᠂ ᠡᠮᠴᠢ ᠶᠢ ᠵᠣᠬᠢᠶᠠᠨ ᠪᠠᠶᠢᠭᠤᠯᠵᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠬᠤ᠂ ᠮᠠᠯ ᠤᠨ ᠡᠮᠴᠢ ᠶᠢ ᠵᠣᠬᠢᠶᠠᠨ ᠪᠠᠶᠢᠭᠤᠯᠵᠤ ᠮᠠᠯ ᠤᠨ ᠡᠮᠴᠢᠯᠡᠭᠡᠨ ᠤ ᠦᠢᠯᠡᠴᠢᠯᠡᠭᠡ  ᠬᠠᠩᠭᠠᠬᠤ᠂ ᠠᠷᠠᠳ ᠤᠨ ᠶᠠᠪᠤᠳᠠᠯ ᠤᠨ ᠺᠠᠳ᠋ᠷ ᠢ ᠵᠣᠬᠢᠶᠠᠨ ᠪᠠᠶᠢᠭᠤᠯᠵᠤ ᠨᠥᠬᠦᠪᠦᠷᠢ ᠶᠢ ᠳᠠᠩᠰᠠᠯᠠᠬᠤ ᠪᠠ ᠭᠡᠷᠡᠴᠢᠯᠡᠬᠦ ᠵᠡᠷᠭᠡ ᠦᠢᠯᠡᠴᠢᠯᠡᠭᠡ ᠬᠠᠩᠭᠠᠬᠤ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠬᠤ᠂ ᠬᠠᠤᠯᠢ ᠴᠠᠭᠠᠵᠠ ᠶᠢᠨ ᠵᠥᠪᠯᠡᠭᠴᠢ ᠶᠢ ᠵᠣᠬᠢᠶᠠᠨ ᠪᠠᠶᠢᠭᠤᠯᠵᠤ ᠬᠠᠤᠯᠢ ᠴᠠᠭᠠᠵᠠ ᠶᠢᠨ  ᠵᠥᠪᠯᠡᠯᠭᠡ ᠶᠢᠨ ᠦᠢᠯᠡᠴᠢᠯᠡᠭᠡ ᠬᠠᠩᠭᠠᠬᠤ︶ ᠶᠢ ᠰᠠᠷ᠎ᠠ ᠪᠦᠷᠢ ᠬᠠᠩᠭᠠᠨ᠂ ᠭᠠᠴᠠᠭ᠎ᠠ ᠲᠣᠰᠬᠤᠨ ᠤ ᠳᠤᠷᠠᠳᠤᠭᠰᠠᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠨᠳᠤᠯᠭᠠᠲᠤ ᠴᠢᠨᠠᠷᠲᠠᠢ ᠪᠠᠷ ᠬᠠᠷᠢᠯᠴᠠᠵᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠣᠷᠣᠯᠠᠨ ᠬᠤᠳᠠᠯᠳᠤᠨ ᠠᠪᠬᠤ ᠵᠡᠷᠭᠡ  ᠦᠢᠯᠡᠴᠢᠯᠡᠭᠡ ᠬᠠᠩᠭᠠᠵᠤ᠂ ︽ᠦᠢᠯᠡᠴᠢᠯᠡᠭᠡᠨ ᠤ ᠲᠠᠪᠴᠠᠩ︾ ᠢ ᠭᠠᠴᠠᠭ᠎ᠠ ᠲᠣᠰᠬᠤᠨ ᠳᠤ ᠨᠡᠭᠦᠯᠭᠡᠬᠦ᠂ ︽ᠠᠯᠪᠠᠨ ᠰᠢᠷᠡᠭᠡ︾ ᠶᠢ ᠠᠷᠠᠳ ᠣᠯᠠᠨ ᠤ ᠡᠭᠦᠳᠡᠨ ᠳᠤ ᠨᠡᠭᠦᠯᠭᠡᠬᠦ ᠶᠢ ᠦᠨᠡᠨᠬᠦ ᠪᠡᠶᠡᠯᠡᠭᠦᠯᠪᠡ᠃ 
ᠢᠷᠡᠯᠲᠡ᠄ ᠴᠢ ᠫᠠᠨ ᠵᠢᠩ ᠪᠠᠯᠭᠠᠰᠤ