ᠰᠢᠶᠧ ᠢᠦᠶ ᠶᠢᠨ ᠲᠤᠰᠢᠶᠠᠯ᠄ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠠᠵᠢᠯ ᠤᠨ ᠬᠤᠪᠢᠶᠠᠷᠢᠯᠠᠯ᠄ | ᠭᠤᠤ ᠬᠤᠸᠠᠢ ᠵᠢᠩ ᠨᠥᠬᠦᠷ ᠢ ᠬᠠᠮᠵᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ | ᠨᠠᠶᠢᠳᠠᠯᠭ᠎ᠠ ᠪᠠᠷ ᠪᠤᠰᠤᠳ ᠠᠵᠢᠯ ᠢ ᠠᠳᠬᠤᠨ᠎ᠠ︔ ᠤᠯᠤᠰ ᠲᠥᠷᠥ ᠬᠠᠤᠯᠢ ᠴᠠᠭᠠᠵᠠ ᠶᠢᠨ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠠᠤᠯᠢ ᠪᠠᠷ | ᠬᠤᠰᠢᠭᠤ ᠪᠠᠨ ᠵᠠᠰᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ︔ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨ ᠤᠲᠤᠭ ᠬᠤᠰᠢᠭᠤᠨ ᠤ ᠬᠤᠷᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠬᠤᠰᠢᠭᠤᠨ ᠤ ᠵᠡᠮᠳᠡᠭᠴᠦᠳ ᠤᠨ | ᠬᠤᠯᠪᠤᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠬᠤᠪᠢᠶᠠᠨ ᠬᠠᠮᠢᠶᠠᠷᠤᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ | ᠬᠥᠮᠦᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠬᠠᠷᠢᠯᠴᠠᠵᠤ ᠵᠢᠯᠣᠭᠤᠳᠤᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ ᠪᠠ ᠪᠠᠷᠠᠭᠤᠨ ᠣᠷᠳᠣᠰ ᠤᠨ ᠤᠯᠤᠰ ᠤᠨ | ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ︵ᠣᠲᠤᠭ ᠤᠨ ᠠᠪᠤᠷᠭᠤ ᠭᠦᠷᠪᠡᠯ ᠤᠨ ᠮᠦᠷ ᠤᠨ ᠴᠢᠯᠠᠭᠤᠵᠢᠮᠠᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ︶᠂ ᠲᠤᠰᠤᠲᠤ ᠶᠢᠨ ᠭᠤᠤᠯ ᠤᠨ ᠨᠠᠮᠤᠭ ᠭᠠᠵᠠᠷ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠯᠴᠠᠨ᠎ᠠ᠃ | ᠲᠣᠪᠴᠢ ᠨᠠᠮᠲᠠᠷ᠄ | ᠰᠢᠶᠧ ᠢᠦᠢ᠂ ᠡᠷᠡᠭᠲᠡᠶ᠂ ᠮᠣᠩᠭᠤᠯ ᠦᠨᠳᠦᠰᠦᠲᠡᠨ᠂ 1979 ᠣᠨ ᠤ 11 ᠳ᠋ᠦ᠋ᠭᠡᠷ ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ | ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠣᠲᠤᠭ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ | ᠡᠭᠦᠷᠭᠡᠯᠡᠵᠦ ᠪᠠᠶᠢᠨ᠎ᠠ᠃ | |