ᠰᠤᠭᠲᠤᠭᠤ ᠤᠷᠲᠤᠤᠵᠠ
ᠨᠡᠶᠢᠲᠡᠯᠡᠭᠰᠡᠨ ᠴᠠᠭ᠄
2024/6/20
      ᠪᠤᠷᠴᠠᠭ ᠤᠨ ᠢᠵᠠᠭᠤᠷ᠂ ᠤᠷᠲᠤᠤᠵᠠ ᠶᠢᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠃ 6 — 7 ᠳ᠋ᠤᠭᠠᠷ ᠰᠠᠷ᠎ᠠ ᠳᠤ ᠴᠡᠴᠡᠭᠯᠡᠵᠦ᠂ 7 — 9 ᠳ᠋ᠦ᠋ᠭᠡᠷ ᠰᠠᠷ᠎ᠠ ᠳᠤ ᠦᠷᠡᠯᠡᠨ᠎ᠡ᠃      ᠬᠤᠵᠢᠷ ᠲᠤ ᠪᠠᠭ᠎ᠠ ᠳᠠᠭᠠᠭᠠᠴᠠᠲᠠᠢ ᠨᠤᠭᠤ ᠶᠢᠨ ᠴᠠᠶᠢᠳᠠᠮ ᠤᠨ ᠬᠠᠭᠤᠷᠠᠶᠢᠰᠠᠭ ᠤᠷᠭᠤᠮᠠᠯ ᠪᠣᠯᠣᠨ᠎ᠠ᠃ ᠪᠦᠬᠦ ᠬᠤᠰᠢᠭᠤᠨ ᠤ ᠡᠯ᠎ᠡ ᠬᠤᠵᠢᠷᠯᠢᠭ ᠴᠢᠭᠢᠭ ᠲᠠᠢ ᠭᠠᠵᠠᠷ ᠲᠤ ᠤᠷᠭᠤᠳᠠᠭ᠃      ᠬᠤᠣᠷ ᠲᠠᠢ ᠤᠷᠭᠤᠮᠠᠯ᠃ ᠰᠤᠳᠤᠯᠤᠭᠰᠠᠨ ᠢ ᠦᠨᠳᠦᠰᠦᠯᠡᠪᠡᠯ᠂ ᠲᠡᠭᠦᠨ ᠳᠤ ᠬᠦᠴᠦᠲᠡᠢ ᠴᠢᠰᠤ ᠬᠠᠶᠢᠯᠤᠭᠤᠯᠬᠤ ᠢᠳᠡᠪᠬᠢ ᠤᠭᠤᠷᠠᠭ ᠤᠨ ᠬᠤᠣᠷᠲᠤ ᠡᠳ᠋ ᠠᠭᠤᠯᠤᠭᠳᠠᠵᠤ ᠪᠠᠶᠢᠳᠠᠭ᠂ ᠭᠡᠷ ᠤᠨ ᠲᠡᠵᠢᠭᠡᠪᠦᠷᠢ ᠢᠳᠡᠭᠰᠡᠨ ᠤ ᠳᠠᠷᠠᠭ᠎ᠠ ᠤᠳᠠᠭᠠᠨ ᠴᠢᠨᠠᠷᠲᠠᠢ ᠬᠤᠣᠷᠳᠠᠯᠭ᠎ᠠ ᠡᠭᠦᠰᠦᠨ᠎ᠡ᠂ ᠡᠭᠦᠨ ᠳᠤ ᠠᠳᠤᠭᠤ ᠬᠠᠮᠤᠭ ᠠᠴᠠ ᠬᠦᠨᠳᠦ ᠰᠦᠷᠡᠬᠡᠢ᠂ ᠳᠠᠷᠠᠭᠠᠯᠠᠪᠠᠯ ᠦᠬᠡᠷ᠂ ᠬᠤᠨᠢ ᠪᠠ ᠢᠮᠠᠭ᠎ᠠ ᠪᠣᠯᠣᠨ᠎ᠠ᠃ ᠭᠡᠷ ᠤᠨ ᠲᠡᠵᠢᠭᠡᠪᠦᠷᠢ ᠢᠳᠡᠭᠰᠡᠨ ᠤ ᠳᠠᠷᠠᠭ᠎ᠠ ᠡᠬᠢᠯᠡᠬᠦ ᠳᠡᠭᠡᠨ ᠲᠠᠷᠭᠤᠯᠠᠵᠤ᠂ ᠦᠷᠭᠦᠯᠵᠢᠯᠡᠨ ᠢᠳᠡᠪᠡᠯ ᠭᠡᠳᠡᠰᠦ ᠨᠢ ᠲᠦᠬᠦᠷᠴᠦ᠂ ᠲᠤᠷᠠᠵᠦ᠂ ᠬᠤᠶᠠᠷ ᠨᠢᠳᠦ ᠨᠢ ᠰᠣᠬᠤᠷᠴᠤ᠂ ᠪᠡᠶ᠎ᠡ ᠨᠢ ᠬᠠᠯᠠᠭᠤᠷᠠᠵᠤ᠂ ᠠᠮᠠᠨ ᠠᠴᠠ ᠨᠢ ᠴᠠᠭᠠᠨ ᠬᠥᠭᠡᠰᠦ ᠭᠠᠷᠴᠤ᠂ ᠢᠳᠡᠵᠦ ᠤᠤᠭᠤᠬᠤ ᠳᠤᠷ᠎ᠠ ᠦᠭᠡᠢ ᠪᠣᠯᠵᠦ᠂ ᠬᠠᠮᠤᠭ ᠰᠡᠭᠦᠯ ᠳᠤ ᠦᠬᠦᠨ᠎ᠡ᠃ ᠬᠡᠷᠪᠡ ᠳᠥᠩᠭᠡᠵᠦ ᠬᠤᠣᠷᠠᠳᠠᠭᠳᠠᠭᠰᠠᠨ ᠦᠶ᠎ᠡ ᠳᠤ ᠣᠨᠳᠣᠣ ᠲᠡᠵᠢᠭᠡᠯ ᠡᠪᠡᠰᠦ ᠢᠳᠡᠭᠦᠯᠬᠦ ᠪᠤᠶᠤ ᠬᠤᠣᠷᠠᠳᠠᠭᠳᠠᠭᠰᠠᠨ ᠭᠡᠷ ᠤᠨ ᠲᠡᠵᠢᠭᠡᠪᠦᠷᠢ ᠶᠢ ᠰᠣᠩᠭᠢᠨ᠎ᠡ ᠶᠢᠨ ᠲᠥᠷᠥᠯ ᠤᠨ ᠤᠷᠭᠤᠮᠠᠯ᠂ ᠠᠭᠢ ᠤᠷᠭᠤᠵᠤ ᠪᠠᠶᠢᠭ᠎ᠠ ᠪᠡᠯᠴᠢᠭᠡᠷ ᠲᠤ ᠭᠠᠷᠭᠠᠪᠠᠯ ᠬᠤᠣᠷ ᠢ ᠨᠢ ᠲᠠᠶᠢᠯᠵᠦ ᠴᠢᠳᠠᠨ᠎ᠠ᠃ ᠮᠡᠳᠡᠭᠡᠯᠡᠭᠰᠡᠨ ᠢ ᠦᠨᠳᠦᠰᠦᠯᠡᠪᠡᠯ᠂ ᠮᠠᠰᠢᠨ ᠢᠶᠠᠷ ᠠᠷᠢᠯᠭᠠᠬᠤ ᠪᠤᠶᠤ 2.4 — D ᠪᠦᠲ᠋ᠢᠯ ᠡᠰᠲ᠋ᠧᠷ ᠢ ᠬᠡᠷᠡᠭᠯᠡᠨ ᠬᠢᠮᠢ ᠪᠠᠷ ᠠᠷᠢᠯᠭᠠᠪᠠᠯ ᠦᠷ᠎ᠡ ᠳ᠋ᠦᠩ ᠨᠢ ᠨᠡᠯᠢᠶᠡᠳ ᠰᠠᠶᠢᠨ ᠭᠡᠨ᠎ᠡ᠃ ᠡᠭᠦᠨ ᠠᠴᠠ ᠭᠠᠳᠠᠨ᠎ᠠ᠂ ᠬᠤᠣᠷ ᠢ ᠨᠢ ᠠᠷᠢᠯᠭᠠᠭᠠᠳ ᠲᠡᠵᠢᠭᠡᠬᠦ ᠠᠷᠭ᠎ᠠ ᠶᠢ ᠠᠪᠤᠪᠠᠯ ᠬᠤᠣᠷ ᠢ ᠠᠰᠢᠭ ᠪᠣᠯᠭᠠᠨ ᠬᠤᠪᠢᠷᠠᠭᠤᠯᠵᠤ ᠪᠣᠯᠣᠨ᠎ᠠ᠃                         ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ