ᠰᠤ᠋ ᡁᠢ ᠰᠢᠶᠦ᠋ᠩ ᠴᠢ ᠫᠠᠠ ᠵᠢᠩ ᠮᠸᠡᠭ ᠰᠢ ᠳᠠᠬᠢ ᠵᠠᠰᠠᠭ ᠤᠨ ᠶᠠᠪᠤᠳᠠᠯ ᠤᠨ ᠠᠵᠤ ᠠᠬᠤᠶᠢᠯᠠᠯ ᠳᠤ ᠦᠢᠯᠡᠴᠢᠯᠡᠬᠦ ᠲᠥᠪ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/21
      6 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠴᠢ ᠫᠠᠠ ᠵᠢᠩ ᠮᠸᠡᠭ ᠰᠢ ᠳᠠᠬᠢ ᠵᠠᠰᠠᠭ ᠤᠨ ᠶᠠᠪᠤᠳᠠᠯ ᠤᠨ ᠠᠵᠤ ᠠᠬᠤᠶᠢᠯᠠᠯ ᠳᠤ ᠦᠢᠯᠡᠴᠢᠯᠡᠬᠦ ᠲᠥᠪ ᠲᠤ ᠬᠦᠷᠴᠦ᠂ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠰᠢᠢᠳᠪᠦᠷᠢᠯᠡᠬᠦ ᠠᠵᠢᠯ ᠢ ᠪᠠᠶᠢᠴᠠᠭᠠᠨ ᠵᠢᠯᠤᠭᠤᠳᠴᠦ᠂ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠣᠷᠣᠯᠴᠠᠪᠠ᠃      ᠪᠠᠶᠢᠴᠠᠭᠠᠨ ᠰᠤᠳᠤᠯᠤᠯᠲᠠ ᠳᠤᠮᠳᠠ᠂ ᠰᠤ᠋ ᡁᠢ ᠰᠢᠶᠦ᠋ᠩ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠰᠢᠢᠳᠪᠦᠷᠢᠯᠡᠬᠦ ᠠᠵᠢᠯ ᠤᠨ ᠠᠬᠢᠴᠠ ᠵᠢᠴᠢ ᠦᠨᠡᠮᠯᠡᠯ ᠠᠪᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠰᠢᠯᠲᠠᠭᠠᠨ ᠢ  ᠨᠢ ᠵᠠᠳᠠᠯᠤᠨ᠂ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠡᠷᠡ ᠬᠡᠯᠡᠬᠦ ᠳᠡᠭᠡᠨ᠂ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠰᠢᠢᠳᠪᠦᠷᠢᠯᠡᠬᠦ ᠠᠵᠢᠯ ᠨᠢ ᠥᠷᠭᠡᠨ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠪᠠ ᠡᠳ᠋ ᠬᠥᠷᠥᠩᠭᠡ ᠶᠢᠨ ᠠᠮᠤᠷ ᠲᠦᠪᠰᠢᠨ  ᠲᠠᠢ ᠬᠤᠯᠪᠣᠭ᠎ᠠ ᠲᠠᠢ ᠤᠴᠢᠷ ᠠᠴᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠪᠠᠶᠢᠭᠤᠯᠭ᠎ᠠ ᠨᠤᠭᠤᠳ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠰᠤᠷᠲᠠᠯ ᠢ ᠴᠡᠭᠴᠡᠯᠡᠨ᠂ ᠲᠥᠷᠥ ᠶᠢᠨ ᠪᠣᠳᠣᠯᠭ᠎ᠠ ᠶᠢ ᠴᠢᠩᠭ᠎ᠠ ᠡᠵᠡᠮᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠡᠷᠢᠨ᠂ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠤᠨ᠂ ᠠᠵᠢᠯ ᠤᠨ ᠳᠤᠮᠳᠠᠬᠢ ᠬᠦᠴᠢᠷᠳᠡᠯ ᠢ ᠰᠢᠢᠳᠪᠦᠷᠢᠯᠡᠨ᠂ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠦᠢᠯᠡᠴᠢᠯᠡᠬᠦ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠤᠨ ᠰᠢᠯᠲᠠᠭᠠᠨ ᠢ ᠭᠦᠨᠵᠡᠭᠡᠢ ᠠᠭᠤᠳᠠᠯᠤᠨ᠂ ᠳᠦᠷᠢᠮ ᠲᠣᠭᠲᠠᠭᠠᠯ ᠲᠣᠭᠲᠠᠭᠠᠵᠤ᠂ ᠳᠦᠷᠢᠮ ᠤᠨ ᠳᠤᠲᠠᠭᠤᠳᠠᠯ ᠢ ᠨᠥᠬᠦᠨ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠡᠬᠢ ᠡᠭᠦᠰᠦᠯ ᠠᠴᠠ ᠨᠢ ᠬᠤᠷᠢᠭᠯᠠᠨ᠂ ᠤᠯᠠᠨ ᠲᠦᠮᠡᠨ ᠤ ᠰᠠᠨᠠᠭ᠎ᠠ ᠠᠮᠤᠷ ᠰᠠᠭᠤᠵᠤ ᠦᠨᠡᠮᠯᠡᠯ ᠢᠶᠠᠨ ᠠᠪᠬᠤ ᠶᠢ ᠪᠡᠶᠡᠯᠡᠭᠦᠯᠬᠦ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ