ᠭᠤᠤ ᠬᠤᠸᠠᠢ ᠵᠢᠩ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/26
      6 ᠳ᠋ᠤᠭᠠᠷ ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠲᠤ ᠭᠦᠨᠵᠡᠭᠡᠶᠢᠷᠡᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠬᠤᠰᠢᠭᠤ ᠤᠳᠤᠷᠢᠳᠤᠯᠭ᠎ᠠ ᠰᠢᠶᠧ ᠢᠦᠢ᠂ ᠯᠢᠦ ᠷᠦᠢ᠂ ᠯᠢ ᠶᠤᠸᠠᠢ ᠱᠧᠩ ᠣᠷᠣᠯᠴᠠᠪᠠ᠃
1.jpg
      ᠭᠤᠣ ᠬᠤᠸᠠᠢ ᠵᠢᠩ ᠤᠷᠢᠳ ᠬᠤᠵᠢᠳ ᠭᠡᠷᠡᠯ ᠵᠢᠷᠤᠭᠴᠢᠳ ᠤᠨ ᠨᠡᠶᠢᠭᠡᠮᠯᠢᠭ ᠤᠨ ᠳᠦᠷᠰᠦ ᠰᠢᠩᠭᠡᠭᠡᠯᠲᠡ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠪᠣᠯᠪᠠᠰᠤᠷᠠᠯ ᠤᠨ ᠲᠥᠪ ᠵᠡᠷᠭᠡ ᠭᠠᠵᠠᠷ ᠲᠤ ᠬᠦᠷᠦᠨ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠳᠣᠲᠣᠨᠣ ᠶᠠᠷᠢᠯᠴᠠᠨ᠂ ᠪᠦᠬᠦ ᠲᠠᠯ᠎ᠠ ᠪᠠᠷ ᠦᠵᠡᠵᠦ᠂ ᠨᠠᠷᠢᠨ ᠬᠢᠨᠠᠮᠠᠭᠠᠢ ᠰᠣᠨᠣᠰᠴᠤ ᠠᠰᠠᠭᠤᠨ᠂ ᠣᠨᠴᠠᠯᠢᠭ ᠢ ᠠᠭᠤᠳᠠᠯᠵᠤ᠂ ᠬᠢᠯᠠᠰ ᠴᠡᠭ ᠢ ᠡᠷᠢᠨ᠂ ᠨᠡᠷᠡᠲᠦ ᠲᠡᠮᠳᠡᠭ ᠢ ᠱᠤᠭᠤᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠣᠶᠢᠷ᠎ᠠ ᠶᠢᠨ ᠵᠢᠯ ᠳᠤ ᠣᠯᠣᠭᠰᠠᠨ ᠠᠮᠵᠢᠯᠲᠠ ᠶᠢ ᠨᠤᠲᠠᠯᠠᠨ᠂ ᠳᠠᠶᠠᠭᠠᠷ ᠤᠯᠠᠨ ᠤ ᠦᠷᠭᠦᠯᠵᠢᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠵᠣᠷᠢᠭᠵᠢᠭᠤᠯᠪᠠ᠃      ᠭᠤᠸ ᠬᠤᠸᠠᠢ ᠵᠢᠩ ᠪᠠᠰᠠ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠣᠲᠤᠭ ᠬᠤᠰᠢᠭᠤᠨ ᠤ ᠬᠤᠷᠢᠶ᠎ᠠ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠰᠢᠭᠤ ᠦᠢᠯᠡᠳᠪᠦᠷᠢ ᠬᠤᠳᠠᠯᠳᠤᠭᠠᠨ ‍ᠤ‌ᠬᠤᠯᠪᠣᠭᠠᠲᠤ ᠬᠤᠷᠠᠯ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠢᠴᠢ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠬᠤ 5 ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ  ᠲᠣᠬᠢᠷᠠᠭᠤᠯᠤᠯᠲᠠ᠂ ᠠᠵᠢᠯ ᠤᠨ ᠥᠷᠨᠢᠭᠦᠯᠦᠯᠲᠡ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠣᠷᠣᠰᠢᠵᠤ ᠪᠠᠶᠢᠭ᠎ᠠ ᠬᠦᠴᠢᠷᠳᠡᠯ ᠬᠢᠭᠡᠳ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠣᠬᠢᠴᠠᠭᠤᠯᠤᠨ ᠰᠢᠢᠳᠪᠦᠷᠢᠯᠡᠪᠡ᠃      ᠭᠤᠤ ᠬᠤᠸᠠᠢ ᠵᠢᠩ ᠬᠡᠯᠡᠬᠦ ᠳᠡᠭᠡᠨ᠂ ᠤᠯᠠᠨ ᠲᠦᠮᠡᠨ ᠤ ᠪᠦᠯᠬᠦᠮ ᠤᠨ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ  ᠲᠠᠭᠠᠨ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠳᠤᠮᠳᠠ ᠤᠯᠠᠨ ᠲᠦᠮᠡᠨ ᠤ ᠪᠦᠯᠬᠦᠮ ᠤᠨ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠢᠯᠯᠠᠭ᠎ᠠ ᠶᠢᠨ ᠪᠠᠬᠢᠯᠡᠯᠲᠡ ᠶᠢᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠵᠤ᠂ ᠡᠯ᠎ᠡ ᠡᠲᠡᠭᠡᠳ ᠤᠨ ᠴᠢᠳᠠᠪᠤᠷᠢᠲᠠᠨ ᠤ ᠰᠤᠷᠤᠯᠴᠠᠬᠤ᠂ ᠰᠣᠯᠢᠯᠴᠠᠬᠤ᠂ ᠵᠣᠬᠢᠶᠠᠨ ᠪᠦᠲᠦᠭᠡᠬᠦ᠂ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠤᠨ᠂ ᠤᠯᠠᠨ ᠲᠦᠮᠡᠨ ᠤ ᠪᠦᠯᠬᠦᠮ ᠤᠨ ᠠᠵᠢᠯ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠴᠢᠶᠠᠯᠠᠪᠤᠷᠢ ᠶᠢᠨ ᠲᠠᠪᠴᠠᠩ ᠢ ᠰᠠᠶᠢᠲᠤᠷ ᠲᠥᠯᠥᠪᠵᠢᠭᠦᠯᠵᠦ᠂ ︽ᠲᠣᠭᠲᠠᠭᠰᠠᠨ ᠬᠥᠳᠡᠯᠭᠡᠭᠡᠨ︾ ᠢ ᠪᠣᠳᠠᠲᠠᠶᠢᠵᠢᠭᠤᠯᠬᠤ ᠶᠢᠨ ᠬᠠᠮᠲᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠥᠪᠡᠰᠦᠪᠡᠨ ᠰᠣᠩᠭᠤᠬᠤ ᠬᠥᠳᠡᠯᠭᠡᠭᠡᠨ︾ ᠢ ᠥᠷᠨᠢᠭᠦᠯᠦᠨ᠂ ᠡᠯ᠎ᠡ ᠠᠵᠢᠯ ᠲᠦᠷᠦᠯ ᠤᠨ ᠬᠤᠰᠢᠭᠤᠴᠢ ᠪᠣᠯᠵᠤ᠂ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠬᠡᠷᠡᠭᠲᠡᠢ᠃ ᠡᠯ᠎ᠡ ᠵᠦᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠤᠯᠠᠨ ᠲᠦᠮᠡᠨ ᠤ ᠬᠡᠷᠡᠭᠴᠡᠭᠡ ᠪᠠᠷ ᠡᠭᠦᠰᠦᠯᠲᠡ ᠶᠢᠨ ᠴᠡᠭ ᠪᠣᠯᠭᠠᠬᠤ ᠶᠢ ᠪᠠᠷᠢᠮᠲᠠᠯᠠᠨ᠂ ︽ᠠᠷᠪᠢᠨ︾᠂ ︽ᠪᠣᠳᠠᠲᠠᠢ︾᠂ ︽ᠰᠢᠨ᠎ᠡ︾ ᠶᠢ ᠲᠤᠪᠤᠶᠢᠯᠭᠠᠵᠤ᠂ ᠭᠦᠨᠴᠡ ᠲᠠᠢ᠂ ᠠᠭᠤᠯᠤᠭᠳᠠᠬᠤᠨ ᠲᠠᠢ᠂ ᠳᠤᠯᠠᠭᠠᠴᠠ ᠲᠠᠢ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠪᠣᠳᠠᠲᠤ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠤᠯᠠᠨ ᠲᠦᠮᠡᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠡᠷᠬᠡ ᠪᠠᠨ ᠬᠠᠮᠠᠭᠠᠯᠠᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠂ ᠬᠥᠳᠡᠯᠦᠩᠭᠦᠢ  ᠬᠠᠮᠢᠶᠠᠷᠤᠯᠲᠠ ᠶᠢ ᠪᠡᠶᠡᠯᠡᠭᠦᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠬᠦ ᠬᠡᠷᠡᠭᠲᠡᠢ᠃ ᠬᠠᠮᠲᠤᠯᠢᠭ ᠤᠨ ᠬᠦᠴᠦᠨ ᠢ ᠰᠠᠶᠢᠲᠤᠷ ᠨᠢᠭᠲᠠᠷᠠᠭᠤᠯᠵᠤ᠂ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠬᠦ ᠬᠡᠷᠡᠭᠲᠡᠢ᠃ ᠴᠢᠳᠠᠪᠬᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠠᠵᠢᠯ ᠤᠨ ᠭᠠᠷᠳᠠᠴᠠ ᠶᠢ ᠣᠨᠣᠪᠴᠢᠲᠠᠢ ᠣᠯᠵᠤ᠂ ᠠᠵᠢᠯᠴᠢᠨ ᠤ ᠭᠤᠣᠯ ᠬᠦᠴᠦᠨ᠂ ᠵᠠᠯᠠᠭᠤᠴᠤᠳ ᠤᠨ ᠰᠢᠨ᠎ᠡ ᠬᠦᠴᠦᠨ᠂ ᠡᠮᠡᠭᠲᠡᠶᠢᠴᠦᠳ ᠤᠨ ᠬᠠᠭᠠᠰ ᠲᠤᠯᠭᠠᠭᠤᠷᠢ ᠬᠦᠴᠦᠨ ᠵᠡᠷᠭᠡ ᠶᠢᠨ ᠦᠢᠯᠡᠳᠦᠯ ᠢ ᠨᠡᠩ ᠰᠠᠶᠢᠲᠤᠷ  ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ᠂ ᠤᠳᠬ᠎ᠠ ᠤᠷᠠᠯᠢᠭ ᠢ ᠵᠣᠬᠢᠶᠠᠨ ᠪᠦᠲᠦᠭᠡᠬᠦ ᠵᠡᠷᠭᠡ ᠲᠠᠯ᠎ᠠ ᠪᠠᠷ ᠭᠠᠪᠢᠶ᠎ᠠ ᠪᠠᠶᠢᠭᠤᠯᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠬᠡᠷᠡᠭᠲᠡᠢ᠃ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ ᠲᠤ ᠰᠠᠶᠢᠲᠤᠷ ᠦᠢᠯᠡᠴᠢᠯᠡᠨ᠂ ᠰᠠᠶᠢᠲᠤᠷ ᠬᠥᠲᠥᠯᠥᠨ ᠵᠢᠯᠤᠭᠤᠳᠴᠦ᠂ ᠰᠠᠶᠢᠲᠤᠷ ᠳᠡᠮᠵᠢᠨ᠂ ᠰᠠᠶᠢᠲᠤᠷ ᠬᠠᠮᠢᠶᠠᠷᠴᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠂ ᠦᠢᠯᠡᠴᠢᠯᠡᠭᠡ ᠶᠢ ᠲᠥᠷᠥᠯ ᠵᠦᠢᠯ ᠪᠣᠯᠭᠠᠨ ᠠᠬᠢᠭᠤᠯᠬᠤ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠪᠥᠬᠦ ᠨᠡᠶᠢᠭᠡᠮ ᠳᠤ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠯᠲᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠥᠷᠢᠰᠦᠯᠳᠦᠭᠦᠯᠦᠨ ᠪᠠᠳᠠᠷᠠᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠬᠢᠭᠡᠳ ᠤᠳᠬ᠎ᠠ ᠤᠷᠠᠯᠢᠭ ᠤᠨ ᠴᠢᠳᠠᠪᠤᠷᠢᠲᠠᠨ ᠲᠠᠰᠤᠷᠠᠯᠲᠠ ᠦᠭᠡᠢ ᠴᠣᠯᠭᠤᠷᠠᠨ ᠭᠠᠷᠤᠭᠰᠠᠨ ᠪᠠᠶᠢᠳᠠᠯ ᠢ ᠪᠣᠶ ᠪᠣᠯᠭᠠᠬᠤ ᠬᠡᠷᠡᠭᠲᠡᠢ᠃ ᠰᠢᠰᠲ᠋ᠧᠮ ᠲᠠᠢ ᠰᠤᠳᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠪᠥᠬᠦ ᠬᠤᠰᠢᠭᠤᠨ ᠤ ᠤᠳᠬ᠎ᠠ ᠤᠷᠠᠯᠢᠭ ᠤᠨ ᠠᠵᠢᠯ ᠵᠢᠴᠢ ᠡᠯ᠎ᠡ ᠲᠥᠷᠥᠯ ᠤᠨ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ ᠤᠨ ᠶᠡᠭᠡ ᠴᠡᠴᠡᠭᠯᠡᠯᠲᠡ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ