ᠭᠤᠸ ᠬᠤᠸᠠᠢ ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/27
      6 ᠳ᠋ᠤᠭᠠᠷ ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠵᠢᠯᠣᠭᠤᠳᠪᠠ᠃ ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠ ᠷᠦᠢ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠭᠤᠤ ᠬᠤᠸᠠᠢ ᠵᠢᠩ ᠴᠧᠩ ᠶᠤᠸᠠᠨ ᠪᠣᠬᠢᠷᠲᠤᠯ ᠦᠭᠡᠢ ᠡᠨᠧᠷᠭᠢ ᠶᠢᠨ ᠳᠤᠯᠠᠭᠠᠯᠠᠭ᠎ᠠ ᠬᠠᠩᠭᠠᠬᠤ ᠺᠣᠮᠫᠠᠨᠢ ᠶᠢᠨ ᠣᠶᠤᠨᠴᠢ ᠳᠤᠯᠠᠭᠠᠯᠠᠭ᠎ᠠ ᠬᠠᠩᠭᠠᠬᠤ ᠲᠦᠷᠦᠯ ᠵᠦᠢᠯ᠂ ᠴᠢ ᠫᠠᠨ ᠵᠢᠩ ᠪᠠᠯᠭᠠᠰᠤ ᠶᠢᠨ ᠬᠤᠩ ᠳ᠋ᠠ ᠵᠠᠮ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠢᠨᠵᠧᠨᠧᠷᠢᠩ᠂ ᠲᠢᠶᠠᠨ ᠢᠤᠢ ᠲᠢᠶᠠᠨ ᠴᠧᠩ ᠰᠠᠭᠤᠭᠠᠯᠢ ᠲᠣᠭᠤᠷᠢᠭ ᠤᠨ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠬᠦᠷᠴᠦ᠂ ᠢᠨᠵᠧᠨᠧᠷᠢᠩ ᠤᠨ ᠠᠬᠢᠴᠠ᠂ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠪᠣᠳᠣᠯᠬᠢᠯᠠᠵᠤ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠴᠢᠩᠭ᠎ᠠ ᠠᠳᠬᠤᠨ ᠱᠠᠯᠠᠪᠳᠠᠨ ᠠᠵᠢᠯᠯᠠᠵᠤ᠂ ᠡᠯ᠎ᠡ ᠵᠦᠢᠯ ᠤᠨ ᠲᠣᠭᠲᠠᠭᠠᠭᠰᠠᠨ ᠡᠭᠦᠷᠭᠡ ᠶᠢᠨ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠤᠯᠠᠨ ᠲᠦᠮᠡᠨ ᠤ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠳ ᠬᠠᠩᠭᠠᠯᠭ᠎ᠠ ᠶᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠣᠶᠤᠨᠴᠢ ᠳᠤᠯᠠᠭᠠᠯᠠᠭ᠎ᠠ ᠬᠠᠩᠭᠠᠬᠤ ᠰᠢᠰᠲ᠋ᠧᠮ ᠢ ᠭᠦᠢᠴᠡᠳ ᠠᠰᠢᠭᠯᠠᠨ᠂ ᠨᠠᠷᠢᠯᠢᠭ ᠣᠨᠣᠪᠴᠢᠲᠠᠢ ᠪᠠᠷ ᠳᠤᠯᠠᠭᠠᠯᠠᠭ᠎ᠠ ᠬᠠᠩᠭᠠᠬᠤ᠂ ᠬᠡᠷᠡᠭᠴᠡᠭᠡ ᠶᠣᠰᠣᠭᠠᠷ ᠳᠤᠯᠠᠭᠠᠯᠠᠭ᠎ᠠ ᠬᠠᠩᠭᠠᠬᠤ ᠶᠢ ᠠᠬᠢᠭᠤᠯᠬᠤ ᠬᠡᠷᠡᠭᠲᠡᠢ᠃ ᠰᠠᠭᠤᠭᠠᠯᠢ ᠠᠷᠠᠳ ᠤᠨ ᠨᠡᠶᠢᠳᠡᠮ ᠠᠩᠬᠠᠷᠴᠤ ᠪᠠᠶᠢᠭ᠎ᠠ ᠳᠤᠯᠠᠭᠠᠯᠭ᠎ᠠ ᠶᠢ ᠰᠡᠯᠪᠢᠨ ᠵᠠᠰᠠᠬᠤ ᠪᠠᠷ ᠮᠡᠳᠡᠭᠦᠯᠬᠦ᠂ ᠭᠡᠷ ᠳᠣᠲᠣᠷᠠᠬᠢ ᠳᠤᠯᠠᠭᠠᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠮᠠᠳᠠᠭ ᠲᠠᠢ ᠠᠰᠠᠭᠤᠳᠠᠯ ᠢ ᠢᠳᠡᠪᠬᠢᠲᠡᠢ ᠪᠠᠷ ᠲᠠᠶᠢᠯᠪᠤᠷᠢᠯᠠᠵᠦ᠂ ᠳᠤᠯᠠᠭᠠᠯᠭ᠎ᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠴᠢ ᠫᠠᠠ ᠵᠢᠩ ᠮᠧᠩ ᠰᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠬᠢ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠦᠰᠡᠯ ᠱᠠᠭᠠᠷᠳᠠᠯᠭ᠎ᠠ ᠶᠢ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠪᠠᠶᠢᠭᠤᠯᠬᠤ ᠪᠣᠯ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠠᠴᠢᠶᠠᠯᠠᠪᠤᠷᠢ ᠮᠥᠨ᠂ ᠣᠷᠣᠨ ᠪᠠᠶᠢᠷᠢ ᠪᠠᠨ ᠣᠨᠣᠪᠴᠢᠲᠠᠢ ᠲᠣᠭᠲᠠᠭᠠᠵᠤ᠂ ᠤᠬᠠᠭᠤᠯᠭ᠎ᠠ ᠪᠠᠨ  ᠴᠢᠩᠭᠠᠳᠬᠠᠨ᠂ ᠳᠤᠮᠳᠠ ᠪᠠᠭ᠎ᠠ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠣᠨᠴᠠᠯᠢᠭᠲᠤ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠳᠠᠬᠢᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠭᠤᠸ ᠬᠤᠸᠠᠢ ᠵᠢᠩ ᠨᠢᠭᠡᠳᠦᠭᠡᠷ ᠳᠠᠪᠬᠤᠷᠭ᠎ᠠ ᠶᠢᠨ ᠶᠡᠭᠡ ᠲᠢᠩᠬᠢᠮ ᠤᠨ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ᠂ ᠤᠴᠢᠷ ᠶᠠᠪᠤᠳᠠᠯ ᠪᠦᠲᠦᠭᠡᠬᠦ ᠳᠤ ᠤᠳᠠᠭᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠷᠭᠤ ᠵᠠᠭᠠᠯᠳᠤᠯᠭ᠎ᠠ︾ ᠶᠢᠨ ᠴᠣᠩᠬᠤᠪᠴᠢ ᠳᠤ ᠬᠦᠷᠴᠦ᠂ ᠲᠣᠰ ᠴᠣᠩᠬᠤᠪᠴᠢ ᠶᠢ ᠪᠠᠶᠢᠭᠤᠯᠤᠭᠰᠠᠨ ᠠᠴᠠ ᠨᠠᠭᠠᠰᠢᠬᠢ ᠣᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠪᠣᠳᠠᠲᠠᠢ ᠪᠠᠶᠢᠳᠠᠯ ᠢ ᠨᠠᠷᠢᠨ ᠣᠶᠢᠯᠠᠭᠠᠨ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠲᠠᠢ ᠪᠦᠲᠦᠮᠵᠢᠲᠡᠶ ᠤᠶᠠᠯᠳᠤᠭᠤᠯᠵ᠊᠂ ᠪᠠᠶᠢᠩᠭᠤᠵᠢᠭᠰᠠᠨ᠂ ᠰᠢᠰᠲ᠋ᠧᠮᠵᠢᠭᠰᠡᠨ᠂ ᠪᠥᠬᠦ ᠬᠡᠯᠬᠢᠶᠡᠵᠢᠭᠰᠡᠨ᠂ ᠥᠨᠳᠥᠷ ᠪᠦᠲᠦᠮᠵᠢᠲᠡᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠤ ᠠᠬᠤᠶᠢᠯᠠᠯ᠂ ᠣᠯᠠᠨ ᠲᠦᠮᠡᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠭᠡᠪᠡ᠃      ᠭᠤᠸ ᠬᠤᠸᠠᠢ ᠵᠢᠩ ᠵᠢᠶᠦ᠋ᠨ ᠵᠧᠩ ᠤᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠲᠥᠷᠥᠯ ᠵᠦᠢᠯ᠂ ᠮᠧᠩ ᠰᠢ ᠶᠢᠨ ᠠᠵᠤ ᠦᠢᠯᠡᠰ ᠤᠨ ᠬᠦᠷᠢᠶᠡᠯᠡᠩ ᠤᠨ ᠠᠶᠤᠯᠲᠠᠢ ᠬᠢᠮᠢ ᠶᠢᠨ ᠪᠣᠳᠠᠰ ᠢ ᠲᠡᠭᠡᠭᠡᠪᠦᠷᠢᠯᠡᠬᠦ ᠲᠡᠷᠭᠡ ᠬᠥᠰᠬᠡ ᠵᠣᠭᠰᠣᠭᠠᠬᠤ ᠲᠤᠰᠬᠠᠢ ᠲᠠᠯᠠᠪᠤᠷ ᠤᠨ ᠲᠥᠷᠥᠯ ᠵᠦᠢᠯ ᠤᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠠᠮᠢ ᠠᠬᠤᠢ ᠶᠢ ᠰᠡᠷᠭᠦᠭᠡᠬᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠦᠢᠯᠡᠰ ᠢ ᠬᠥᠭᠵᠢᠭᠦᠯᠬᠦ ᠶᠢ ᠤᠶᠠᠯᠳᠤᠭᠤᠯᠤᠭᠰᠠᠨ ᠡᠯᠡᠰᠦ ᠶᠢ ᠰᠡᠷᠭᠡᠶᠢᠯᠡᠵᠦ ᠵᠠᠰᠠᠬᠤ ᠰᠢᠨ᠎ᠡ ᠵᠠᠮ ᠢ ᠰᠦᠪᠡᠭᠴᠢᠯᠡᠨ ᠨᠡᠭᠡᠭᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠲᠥᠷᠥᠯ ᠵᠦᠢᠯ ᠤᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠪᠦᠲᠦᠭᠡᠵᠦ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠬᠡᠷᠡᠭᠲᠡᠢ᠃ ᠠᠶᠤᠯ ᠲᠠᠢ ᠬᠢᠮᠢ ᠶᠢᠨ ᠪᠣᠳᠠᠰ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠤᠰᠬᠠᠢ ᠬᠡᠷᠡᠭᠯᠡᠬᠦ ᠲᠡᠷᠭᠡᠨ ᠵᠣᠭᠰᠣᠭᠠᠯ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭ᠎ᠠ ᠪᠥᠭᠡᠳ ᠨᠠᠷᠢᠯᠢᠭ ᠰᠠᠶᠢᠲᠤᠷ ᠠᠳᠬᠤᠨ᠂ ᠠᠮᠤᠷ ᠲᠦᠪᠰᠢᠨ ᠤ ᠬᠥᠮᠦᠵᠢᠯ  ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠭᠡᠳ ᠲᠦᠭᠰᠢᠭᠦᠷᠢ ᠶᠢᠨ ᠦᠨᠡᠯᠡᠨ ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠱᠤᠸᠠᠩ ᠰᠢᠨ ᠳᠡᠭᠡᠳᠦ ᠮᠣᠯᠧᠺᠦ᠋ᠯ ᠤᠨ ᠮᠡᠷᠭᠡᠵᠢᠯ ᠤᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠴᠠᠬᠢᠭᠤᠷ ᠢᠶᠠᠷ ᠰᠠᠭᠤᠷᠢ ᠪᠣᠯᠭᠠᠭᠰᠠᠨ ᠬᠠᠶᠢᠯᠤᠰᠢ ᠶᠢᠨ ᠰᠢᠨ᠎ᠡ ᠶᠢ ᠡᠭᠦᠳᠬᠦ ᠦᠢᠯᠡᠳᠪᠦᠷᠢ ᠳᠤ ᠬᠦᠷᠴᠦ᠂ ᠬᠠᠮᠢᠶ᠎ᠠ ᠪᠦᠬᠦᠢ ᠮᠡᠷᠭᠡᠵᠢᠯ ᠤᠨ ᠰᠤᠳᠤᠯᠭᠠᠨ ᠤ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠵᠦᠢᠯ ᠮᠥᠨ᠂ ᠠᠵᠤ ᠠᠬᠤᠶᠢᠯᠠᠯ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠤᠳᠤᠯᠤᠨ ᠨᠡᠭᠡᠭᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠣᠯᠭᠤᠬᠤ ᠶᠢ ᠬᠦᠰᠡᠵᠦ ᠪᠠᠶᠢᠨ᠎ᠠ ᠭᠡᠪᠡ᠃ 
ᠢᠷᠡᠯᠲᠡ᠄ ᠣᠲᠤᠭ ᠨᠡᠶᠢᠲᠡᠯᠡᠯ