ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠭᠡᠵᠦ ᠶᠠᠭᠤ ᠪᠤᠢ︖ | ᠲᠠᠩᠰᠠ ᠲᠠᠶᠢᠯᠬᠤ ᠲᠥᠷᠥᠯ ᠵᠦᠢᠯ ᠳᠠᠬᠢ ᠬᠥᠬᠡ ᠲᠥᠷᠥᠯ ᠪᠠ ᠬᠥᠬᠡᠭᠴᠢᠨ ᠲᠥᠷᠥᠯ ᠭᠡᠳᠡᠭ ᠨᠢ ᠶᠠᠮᠠᠷ ᠤᠳᠬ᠎ᠠ ᠲᠠᠢ ᠪᠣᠶ︖ | ᠶᠠᠮᠠᠷ ᠶᠠᠮᠠᠷ ᠡᠮ ᠤᠨ ᠵᠦᠢᠯᠡᠰ ᠢ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠤᠭᠰᠠᠨ ᠦᠭᠡᠢ ᠪᠤᠢ︖ | | ᠡᠮᠴᠢᠯᠡᠭᠡᠨ ᠤ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯᠡᠰ ᠤᠨ ᠮᠡᠳᠡᠭᠡ ᠵᠠᠩᠭᠢ ᠶᠢ ᠬᠡᠷᠬᠢᠨ ᠪᠠᠶᠢᠴᠠᠭᠠᠨ ᠯᠠᠪᠯᠠᠬᠤ ᠪᠤᠢ︖ ᠬᠠᠮᠲᠤ ᠳᠤ ᠪᠠᠨ | ᠣᠶᠢᠯᠭᠠᠶ᠎ᠠ᠃ | 1. ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠭᠡᠵᠦ ᠶᠠᠭᠤ ᠪᠤᠢ︖ | ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ | ᠡᠮ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ | ᠲᠣᠭᠲᠠᠭᠠᠪᠠ᠃ ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠲᠤ ᠨᠡᠶᠢᠴᠡᠬᠦ ᠬᠠᠮᠢᠶ᠎ᠠ ᠪᠦᠬᠦᠢ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠣᠭᠲᠠᠭᠠᠯ ᠶᠣᠰᠣᠭᠠᠷ | ᠲᠥᠯᠥᠵᠦ ᠥᠭᠭᠦᠨ᠎ᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2018 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠡᠮᠴᠢᠯᠡᠭᠡᠨ ᠤ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠡᠮᠴᠢᠯᠡᠭᠡᠨ ᠤ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠲᠤ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠠᠮᠤᠷ | ᠲᠦᠪᠰᠢᠨ ᠪᠥᠭᠡᠳ ᠪᠦᠲᠦᠮᠵᠢᠲᠡᠶ᠂ ᠦᠨ᠎ᠡ ᠬᠠᠩᠰᠢ ᠵᠣᠬᠢᠰᠲᠠᠢ ᠵᠡᠷᠭᠡ ᠦᠨᠳᠦᠰᠦᠨ ᠨᠥᠬᠦᠴᠡᠯ ᠳᠤ ᠨᠡᠶᠢᠴᠡᠬᠦ ᠡᠮ ᠤᠨ ᠵᠦᠢᠯᠡᠰ ᠢ ᠡᠮᠴᠢᠯᠡᠭᠡᠨ ᠤ ᠳᠠᠭᠠᠳᠬᠠᠯ ᠤᠨ | ᠡᠮ ᠤᠨ ᠵᠦᠢᠯᠡᠰ ᠤᠨ ᠭᠠᠷᠴᠠᠭ ᠲᠤ ᠣᠷᠣᠭᠤᠯᠤᠨ᠎ᠠ᠃ | 2. ᠲᠠᠩᠰᠠ ᠲᠠᠶᠢᠯᠬᠤ ᠲᠥᠷᠥᠯ ᠵᠦᠢᠯ ᠳᠠᠬᠢ ᠬᠥᠬᠡ ᠲᠥᠷᠥᠯ ᠪᠠ ᠬᠥᠬᠡᠭᠴᠢᠨ ᠲᠥᠷᠥᠯ ᠭᠡᠳᠡᠭ ᠨᠢ ᠶᠠᠮᠠᠷ ᠤᠳᠬ᠎ᠠ ᠲᠠᠢ ᠪᠣᠶ︖ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠠᠬᠢ ᠡᠸᠦ᠋ᠷᠦᠫᠡ ᠡᠮ ᠪᠠ ᠬᠢᠲᠠᠳ ᠪᠡᠯᠡᠨ ᠡᠮ ᠢ ᠬᠥᠬᠡ᠂ ᠬᠥᠬᠡᠭᠴᠢᠨ ᠭᠡᠵᠦ ᠬᠤᠶᠠᠷ | ᠲᠦᠷᠦᠯ ᠳᠤ ᠬᠤᠪᠢᠶᠠᠨ᠎ᠠ᠃ | ︽ᠬᠥᠬᠡ ᠲᠥᠷᠥᠯ ᠤᠨ ᠡᠮ ᠤᠨ ᠵᠦᠢᠯᠡᠰ︾ ᠭᠡᠳᠡᠭ ᠨᠢ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠥᠷᠭᠡᠨ ᠬᠡᠷᠡᠭᠴᠡᠭᠡ ᠲᠠᠢ᠂ ᠡᠮᠴᠢᠯᠡᠭᠡᠨ ᠤ | ᠦᠢᠯᠡᠳᠦᠯ ᠨᠢ ᠣᠨᠣᠪᠴᠢᠲᠠᠶ᠂ ᠠᠳᠠᠯᠢ ᠲᠥᠷᠥᠯ ᠤᠨ ᠡᠮ ᠤᠨ ᠵᠦᠢᠯᠡᠰ ᠤᠨ ᠳᠣᠲᠣᠷ᠎ᠠ ᠦᠨ᠎ᠡ ᠬᠠᠩᠰᠢ ᠪᠤᠶᠤ ᠡᠮᠴᠢᠯᠡᠭᠡᠨ ᠤ ᠵᠠᠷᠤᠳᠠᠯ ᠢᠶᠠᠷ ᠨᠡᠯᠢᠶᠡᠳ ᠳᠣᠣᠷ᠎ᠠ | ᠡᠮ ᠤᠨ ᠵᠦᠢᠯᠡᠰ ᠢ ᠵᠢᠭᠠᠵᠤ ᠪᠠᠶᠢᠨ᠎ᠠ᠃ ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠪᠡᠯ ᠪᠥᠬᠦ ᠲᠤᠭ᠎ᠠ ᠪᠠᠷ ᠨᠢ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠵᠤ᠂ ᠳᠠᠷᠠᠭ᠎ᠠ ᠨᠢ ᠲᠣᠭᠲᠠᠭᠠᠭᠰᠠᠨ ᠬᠠᠷᠢᠴᠠᠯ ᠢᠶᠠᠷ ᠲᠠᠩᠰᠠ ᠳᠡᠶᠢᠯᠵᠦ ᠪᠣᠯᠣᠨ᠎ᠠ᠃ | ︽ᠬᠥᠬᠡᠭᠴᠢᠨ ᠲᠥᠷᠥᠯ ᠤᠨ ᠡᠮ ᠤᠨ ᠵᠦᠢᠯᠡᠰ︾ ᠭᠡᠳᠡᠭ ᠨᠢ ᠡᠮᠴᠢᠯᠡᠭᠡᠨ ᠳᠤ ᠰᠣᠩᠭᠤᠨ ᠬᠡᠷᠡᠭᠯᠡᠵᠦ ᠪᠣᠯᠬᠤ᠂ ᠡᠮᠴᠢᠯᠡᠭᠡᠨ ᠤ ᠦᠢᠯᠡᠳᠦᠯ ᠨᠢ ᠣᠨᠣᠪᠴᠢᠲᠠᠶ᠂ | ᠠᠳᠠᠯᠢ ᠲᠥᠷᠥᠯ ᠤᠨ ᠡᠮ ᠤᠨ ᠵᠦᠢᠯᠡᠰ ᠤᠨ ᠳᠣᠲᠣᠷ᠎ᠠ ᠦᠨ᠎ᠡ ᠬᠠᠩᠰᠢ ᠪᠤᠶᠤ ᠡᠮᠴᠢᠯᠡᠭᠡᠨ ᠤ ᠵᠠᠷᠤᠳᠠᠯ ᠢᠶᠠᠷ ︽ᠬᠥᠬᠡ ᠲᠥᠷᠥᠯ ᠤᠨ ᠡᠮ ᠤᠨ ᠵᠦᠢᠯᠡᠰ︾ ᠠᠴᠠ | ᠵᠢᠭᠠᠬᠠᠨ ᠥᠨᠳᠥᠷ ᠡᠮ ᠤᠨ ᠵᠦᠢᠯᠡᠰ ᠢ ᠵᠢᠭᠠᠵᠤ ᠪᠠᠶᠢᠨ᠎ᠠ᠃ ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠪᠡᠯ ᠬᠤᠪᠢ ᠬᠥᠮᠥᠨ ᠵᠣᠬᠢᠬᠤ | ᠬᠠᠷᠢᠴᠠᠯ ᠢᠶᠠᠷ ᠥᠪᠡᠷ ᠢᠶᠠᠨ ᠲᠥᠯᠥᠵᠦ᠂ ᠦᠯᠡᠳᠡᠭᠰᠡᠨ ᠬᠡᠰᠡᠭ ᠢ ᠨᠢ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠳᠠᠬᠢᠨ ᠲᠣᠭᠲᠠᠭᠠᠭᠰᠠᠨ ᠬᠠᠷᠢᠴᠠᠯ ᠢᠶᠠᠷ | ᠲᠠᠩᠰᠠ ᠲᠠᠶᠢᠯᠤᠨ᠎ᠠ᠃ | 3. ᠶᠠᠮᠠᠷ ᠶᠠᠮᠠᠷ ᠡᠮ ᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠤᠭᠰᠠᠨ ᠦᠭᠡᠢ ᠪᠤᠢ︖ | ︵ᠨᠢᠭᠡ︶ ᠭᠤᠣᠯᠳᠠᠭᠤ ᠰᠢᠮᠡᠵᠢᠭᠦᠯᠬᠦ ᠦᠢᠯᠡᠳᠦᠯ ᠦᠵᠡᠭᠦᠯᠳᠡᠭ ᠡᠮ ᠤᠨ ᠵᠦᠢᠯᠡᠰ︔ | ︵ᠬᠤᠶᠠᠷ︶ ᠤᠯᠤᠰ ᠤᠨ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠡᠠ ᠤᠷᠭᠤᠮᠠᠯ ᠤᠨ ᠡᠮ ᠤᠨ ᠮᠠᠲ᠋ᠧᠷᠢᠶᠠᠯ ᠢ ᠠᠭᠤᠯᠤᠭᠰᠠᠨ ᠡᠮ ᠤᠨ | ᠵᠦᠢᠯᠡᠰ︔ | ︵ᠭᠤᠷᠪᠠ︶ ᠡᠷᠡᠭᠦᠯᠵᠢᠯ ᠤᠨ ᠡᠮ ᠤᠨ ᠵᠦᠢᠯᠡᠰ︔ | ︵ᠳᠥᠷᠪᠡ︶ ᠰᠡᠷᠭᠡᠶᠢᠯᠡᠬᠦ ᠴᠢᠨᠠᠷᠲᠠᠢ ᠸᠠᠺᠼᠢᠨ ᠪᠠ ᠵᠢᠷᠮᠦᠰᠦᠯᠡᠬᠦ ᠶᠢ ᠬᠤᠷᠢᠭᠯᠠᠬᠤ ᠡᠮ ᠤᠨ ᠵᠦᠢᠯᠡᠰ︔ | ︵ᠲᠠᠪᠤ︶ ᠭᠤᠣᠯᠳᠠᠭᠤ ᠪᠡᠯᠭᠡ ᠶᠢᠨ ᠠᠵᠢᠯᠯᠠᠭ᠎ᠠ ᠶᠢ ᠴᠢᠩᠭᠠᠷᠠᠭᠤᠯᠬᠤ᠂ ᠦᠰᠦ ᠤᠨᠠᠬᠤ ᠶᠢ ᠵᠠᠰᠠᠬᠤ᠂ ᠮᠠᠷᠢᠶ᠎ᠠ ᠰᠢᠭᠤᠷᠠᠭᠤᠯᠬᠤ᠂ ᠵᠢᠰᠦ ᠭᠤᠶᠣᠯᠠᠬᠤ᠂ | ᠲᠠᠮᠠᠬᠢ ᠲᠠᠲᠠᠬᠤ ᠶᠢ ᠵᠣᠭᠰᠣᠭᠠᠬᠤ᠂ ᠠᠷᠢᠬᠢ ᠤᠤᠭᠤᠬᠤ ᠶᠢ ᠵᠣᠭᠰᠣᠭᠠᠬᠤ ᠵᠡᠷᠭᠡ ᠦᠢᠯᠡᠳᠦᠯ ᠲᠠᠢ ᠡᠮ ᠤᠨ ᠵᠦᠢᠯᠡᠰ︔ | ︵ᠵᠢᠷᠭᠤᠭ᠎ᠠ︶ ᠣᠨᠣᠰᠢᠯᠠᠨ ᠡᠮᠴᠢᠯᠡᠬᠦ ᠵᠦᠢᠯᠡᠰ ᠲᠤ ᠣᠷᠣᠭᠤᠯᠤᠭᠰᠠᠨ ᠵᠡᠷᠭᠡ ᠰᠢᠯᠲᠠᠭᠠᠨ ᠠᠴᠠ ᠪᠣᠯᠵᠤ᠂ ᠠᠰᠳᠠᠭᠠᠨ ᠰᠦᠢᠳᠬᠡᠯ ᠬᠤᠷᠢᠶᠠᠬᠤ ᠠᠷᠭ᠎ᠠ | ᠦᠭᠡᠢ ᠪᠣᠯᠤᠭᠰᠠᠨ ᠡᠮ ᠤᠨ ᠵᠦᠢᠯᠡᠰ︔ | ︵ᠲᠤᠯᠤᠭ᠎ᠠ︶ ᠠᠷᠢᠬᠢᠨ ᠤ ᠨᠠᠶᠢᠷᠠᠯᠭ᠎ᠠ᠂ ᠴᠠᠢ ᠶᠢᠨ ᠨᠠᠶᠢᠷᠠᠯᠭ᠎ᠠ᠂ ᠡᠯ᠎ᠡ ᠲᠦᠷᠦᠯ ᠤᠨ ᠵᠢᠮᠢᠰ ᠤᠨ ᠠᠮᠲᠠᠲᠤ ᠨᠠᠶᠢᠷᠠᠯᠭ᠎ᠠ ︵ᠣᠨᠴᠠᠭᠠᠶ ᠪᠠᠶᠢᠳᠠᠯ ᠳᠣᠣᠷᠠᠬᠢ | ᠬᠡᠦᠬᠡᠳ ᠲᠤ ᠬᠡᠷᠡᠭᠯᠡᠬᠦ ᠡᠮ ᠠᠴᠠ ᠭᠠᠳᠠᠨᠠᠬᠢ︶᠂ ᠭᠦᠯᠭᠦᠬᠦ ᠡᠮ ᠪᠠ ᠤᠤᠭᠤᠬᠤ ᠬᠥᠭᠡᠰᠦᠷᠡᠬᠦ ᠡᠮ ︵ᠣᠨᠴᠠᠭᠠᠶ ᠲᠣᠭᠲᠠᠭᠠᠭᠰᠠᠨ ᠪᠠᠶᠢᠳᠠᠯ ᠠᠴᠠ ᠭᠠᠳᠠᠨᠠᠬᠢ︶ | ᠵᠡᠷᠭᠡ︔ | ︵ᠨᠠᠶᠢᠮᠠ︶ ᠡᠮᠴᠢᠯᠡᠭᠡᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠲᠣᠭᠲᠠᠭᠠᠯ ᠳᠤ ᠥᠯᠥ ᠨᠡᠶᠢᠴᠡᠬᠦ ᠪᠤᠰᠤᠳ ᠡᠮ ᠤᠨ ᠵᠦᠢᠯᠡᠰ᠃ | | 4. ᠡᠮᠴᠢᠯᠡᠭᠡᠨ ᠤ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯᠡᠰ ᠤᠨ ᠮᠡᠳᠡᠭᠡ ᠵᠠᠩᠭᠢ ᠶᠢ ᠬᠡᠷᠬᠢᠨ ᠪᠠᠶᠢᠴᠠᠭᠠᠨ ᠯᠠᠪᠯᠠᠬᠤ ᠪᠤᠢ︖ | ᠨᠢᠭᠡᠳᠦᠭᠡᠷ ᠠᠯᠬᠤᠮ᠄ ︽ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ︾ ᠤᠨ ᠵᠢᠵᠢᠭ ᠫᠷᠣᠭ᠍ᠷᠠᠮ — — ᠤᠯᠤᠰ ᠤᠨ ᠡᠮᠴᠢᠯᠡᠭᠡᠨ ᠤ | ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠪᠠᠶᠢᠴᠠᠭᠠᠨ ᠯᠠᠪᠯᠠᠬᠤ ᠳᠤ ᠣᠷᠣᠨ᠎ᠠ᠂ ᠳᠣᠣᠷᠠᠬᠢ ᠵᠢᠵᠢᠭ ᠫᠷᠣᠭ᠍ᠷᠠᠮ ᠤᠨ ᠺᠠᠷᠲ ᠢ ᠲᠣᠪᠴᠢᠳᠠᠵᠤ ᠪᠠᠶᠢᠴᠠᠭᠠᠨ | ᠯᠠᠪᠯᠠᠬᠤ ᠨᠢᠭᠤᠷ ᠲᠤ ᠣᠷᠣᠨ᠎ᠠ᠃ | | | | | | ᠬᠤᠶᠠᠳᠤᠭᠠᠷ ᠠᠯᠬᠤᠮ᠄ ᠪᠣᠳᠠᠲᠠᠢ ᠡᠮ ᠤᠨ ᠵᠦᠢᠯᠡᠰ ᠤᠨ ᠨᠡᠷᠡᠶᠢᠳᠦᠯ ᠢ ᠣᠷᠣᠭᠤᠯᠵᠤ ᠬᠠᠶᠢᠪᠠᠯ ᠳᠠᠷᠤᠢ ᠲᠣᠰ ᠡᠮ ᠤᠨ ᠵᠦᠢᠯ ᠨᠢ ᠡᠮᠴᠢᠯᠡᠭᠡᠨ ᠤ | ᠳᠠᠭᠠᠳᠬᠠᠯ ᠤᠨ ᠭᠠᠷᠴᠠᠭ ᠤᠨ ᠬᠡᠪᠴᠢᠶᠡᠨ ᠳᠤ ᠪᠠᠶᠢᠬᠤ ᠡᠰᠡᠬᠦ᠂ ᠬᠠᠷᠢᠶᠠᠯᠠᠭᠳᠠᠬᠤ ᠡᠮ ᠤᠨ ᠵᠦᠢᠯᠡᠰ ᠤᠨ ᠲᠥᠷᠥᠯ ᠵᠦᠢᠯ ᠵᠢᠴᠢ ᠪᠣᠳᠠᠲᠠᠢ ᠲᠠᠩᠰᠠ ᠲᠠᠶᠢᠯᠬᠤ | ᠲᠥᠷᠥᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠶᠢ ᠣᠶᠢᠯᠠᠭᠠᠵᠤ ᠪᠣᠯᠣᠨ᠎ᠠ᠃ | | | | | | ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ︽ᠡᠮ ᠤᠨ ᠵᠦᠢᠯᠡᠰ ᠤᠨ ᠲᠥᠷᠥᠯ ᠵᠦᠢᠯ︾᠂ ︽ᠡᠮ ᠤᠨ ᠵᠦᠢᠯᠡᠰ ᠤᠨ ᠲᠥᠷᠥᠯ ᠠᠩᠭᠢᠯᠠᠯ︾ ᠪᠤᠶᠤ ︽ | ᠲᠠᠩᠰᠠ ᠲᠠᠶᠢᠯᠬᠤ ᠲᠥᠷᠥᠯ︾ ᠢᠶᠠᠷ ᠳᠡᠮᠵᠢᠨ ᠰᠢᠭᠰᠢᠨ ᠰᠣᠩᠭᠤᠵᠤ ᠪᠣᠯᠣᠨ᠎ᠠ᠃ | | | | | | ᠨᠠᠩ ᠣᠯᠠᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠪᠠᠶᠢᠴᠠᠭᠠᠨ ᠯᠠᠪᠯᠠᠶ᠎ᠠ ᠭᠡᠪᠡᠯ ᠲᠥᠷᠥ ᠶᠢᠨ ᠶᠠᠪᠤᠳᠠᠯ ᠤᠨ ᠬᠤᠷᠢᠶᠠᠨ ᠤ | ᠵᠢᠵᠢᠭ ᠫᠷᠣᠭ᠍ᠷᠠᠮ ᠳᠤ ᠭᠠᠷᠤᠭᠠᠷᠠᠢ᠃ | | | | | |