ᠴᠢ ᠫᠠᠨ ᠵᠢᠩ ᠪᠠᠯᠭᠠᠰᠤ ᠵᠢᠯᠣᠭᠤᠴᠢ ᠦᠭᠡᠢ ᠨᠢᠰᠬᠡᠯ ᠢᠶᠠᠷ ᠲᠣᠭᠤᠷᠢᠨ ᠪᠠᠶᠢᠴᠠᠭᠠᠬᠤ ᠪᠠ ᠮᠣᠲ᠋ᠣᠷ ᠤᠨᠤᠵᠤ ᠲᠣᠭᠤᠷᠢᠨ ᠪᠠᠶᠢᠴᠠᠭᠠᠬᠤ ᠶᠢ ᠤᠶᠠᠯᠳᠤᠭᠤᠯᠤᠨ  ᠭᠤᠣᠯ ᠤᠨ ᠵᠠᠮ ᠤᠨ ᠠᠮᠤᠷ ᠲᠦᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2024/6/3
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠢ ᠫᠠᠨ ᠵᠢᠩ ᠪᠠᠯᠭᠠᠰᠤ ᠭᠤᠣᠯ ᠮᠦᠷᠡᠨ ᠨᠠᠭᠤᠷ ᠴᠥᠬᠦᠷᠦᠮ ᠤᠨ ᠳᠠᠷᠤᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ᠂ ᠦᠵᠦᠭᠦᠷ ᠭᠤᠣᠯ᠂ ᠬᠠᠷᠠᠩᠭᠤᠢ ᠶᠢᠨ ᠭᠤᠤ ᠵᠡᠷᠭᠡ ᠭᠤᠣᠯᠳᠠᠯᠭ᠎ᠠ ᠲᠠᠢ ᠨᠠᠭᠤᠷ ᠭᠤᠤ ᠳᠤ ᠲᠥᠪᠯᠡᠷᠡᠭᠦᠯᠵᠦ᠂ ᠬᠤᠶᠠᠷ ᠱᠠᠲᠤᠨ ᠤ ᠭᠤᠣᠯ ᠮᠦᠷᠡᠨ ᠨᠠᠭᠤᠷ ᠴᠥᠬᠦᠷᠦᠮ ᠤᠨ ᠳᠠᠷᠤᠭ᠎ᠠ ᠲᠣᠭᠤᠷᠢᠨ ᠪᠠᠶᠢᠴᠠᠭᠠᠬᠤ᠂ ᠵᠢᠯᠣᠭᠤᠴᠢ ᠦᠭᠡᠢ ᠨᠢᠰᠬᠡᠯ ᠢᠶᠠᠷ ᠲᠣᠭᠤᠷᠢᠨ ᠪᠠᠶᠢᠴᠠᠭᠠᠬᠤ᠂ ᠮᠣᠲ᠋ᠣᠷ ᠤᠨᠤᠵᠤ ᠲᠣᠭᠤᠷᠢᠨ ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠥᠩᠭᠡᠷᠡᠭᠰᠡᠨ ᠤ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠯᠲᠠ ᠶᠢᠨ ᠳᠤᠲᠠᠭᠤᠳᠠᠯ ᠢ ᠪᠦᠲᠦᠮᠵᠢᠲᠡᠢ ᠨᠥᠬᠦᠪᠦᠷᠢᠯᠡᠪᠡ᠃ ᠭᠠᠴᠠᠭ᠎ᠠ ᠲᠣᠰᠬᠤᠨ ᠰᠤᠮᠤ ᠪᠠᠯᠭᠠᠰᠤ ᠬᠤᠶᠠᠷ ᠱᠠᠲᠤᠨ ᠤ ᠭᠤᠣᠯ ᠮᠦᠷᠡᠨ ᠨᠠᠭᠤᠷ ᠴᠥᠬᠦᠷᠦᠮ ᠤᠨ ᠳᠠᠷᠤᠭ᠎ᠠ 19 ᠬᠥᠮᠥᠨ ᠢ ᠲᠣᠬᠢᠷᠠᠭᠤᠯᠵᠤ᠂ 20 ᠭᠠᠷᠤᠢ ᠭᠠᠵᠠᠷ ᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠨ᠂ ᠰᠠᠪᠠ ᠭᠠᠵᠠᠷ ᠤᠨ ᠬᠠᠷᠠᠭᠠᠨ ᠳᠠᠪᠲᠠᠮᠵᠢ ᠶᠢᠨ ᠬᠢᠨᠠᠨ ᠬᠠᠮᠢᠶᠠᠷᠤᠯᠲᠠ ᠶᠢ ᠪᠡᠶᠡᠯᠡᠭᠦᠯᠪᠡ︔ 2 ᠵᠢᠯᠣᠭᠤᠴᠢ ᠦᠭᠡᠢ ᠨᠢᠰᠬᠡᠯ ᠲᠣᠬᠢᠷᠠᠭᠤᠯᠤᠨ ᠣᠨᠴᠠ ᠲᠣᠳᠣ ᠰᠡᠭᠦᠳᠡᠷᠯᠡᠬᠦ ᠮᠠᠰᠢᠨ ᠢᠶᠠᠷ ᠥᠨᠳᠥᠷ ᠣᠭᠲᠠᠷᠭᠤᠢ ᠶᠢᠨ ᠬᠠᠶᠢᠨ ᠬᠡᠮᠵᠢᠯᠲᠡ ᠶᠢᠨ ᠳᠠᠪᠠᠭᠤᠯᠢᠭ ᠢ ᠠᠰᠢᠭᠯᠠᠵᠤ ᠭᠤᠣᠯ ᠭᠤᠤ ᠶᠢ ᠲᠣᠭᠤᠷᠢᠨ ᠪᠠᠶᠢᠴᠠᠭᠠᠵᠤ᠂ ᠥᠩᠭᠡᠷᠡᠭᠰᠡᠨ ᠳᠤ ᠠᠮᠠᠷᠬᠠᠨ ᠪᠠᠶᠢᠴᠠᠭᠠᠵᠤ ᠳᠡᠶᠢᠯᠬᠦ ᠦᠭᠡᠢ ᠪᠠᠶᠢᠭᠰᠠᠨ ᠭᠤᠣᠯ ᠤᠨ ᠵᠠᠮ ᠤᠨ ᠥᠨᠴᠥᠭ ᠪᠤᠯᠤᠩ ᠢ ᠪᠦᠲᠦᠮᠵᠢᠲᠡᠶ ᠪᠠᠶᠢᠴᠠᠭᠠᠪᠠ︔ ᠭᠠᠴᠠᠭ᠎ᠠ ᠲᠣᠰᠬᠤᠨ ᠤ ᠮᠣᠲ᠋ᠣᠷ ᠲᠡᠷᠭᠡᠨ ᠤ ᠲᠣᠭᠤᠷᠢᠨ ᠴᠠᠭᠳᠠᠬᠤ ᠠᠩᠭᠢ ᠶᠢ ᠪᠠᠶᠢᠭᠤᠯᠵᠤ᠂ ᠣᠨᠣᠪᠴᠢᠲᠠᠢ ᠢᠯᠡᠷᠡᠭᠦᠯᠵᠦ᠂ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠪᠡ᠃ ᠴᠢ ᠫᠠᠨ ᠵᠢᠩ ᠪᠠᠯᠭᠠᠰᠤ ᠶᠢᠨ ᠬᠢᠨ ᠡᠨᠡᠬᠦ ᠠᠷᠭ᠎ᠠ ᠪᠠᠷ 450 ᠭᠠᠷᠤᠢ  ᠺᠢᠯᠣᠮᠧᠲᠷ ᠤᠨ ᠭᠤᠣᠯ ᠮᠥᠷᠡᠨ ᠨᠠᠭᠤᠷ ᠴᠥᠬᠦᠷᠦᠮ ᠢ ᠲᠣᠭᠤᠷᠢᠨ ᠪᠠᠶᠢᠴᠠᠭᠠᠵᠤ᠂ ᠭᠤᠣᠯ ᠤᠨ ᠵᠠᠮ ᠢ ︽ᠳᠤᠷ᠎ᠠ ᠪᠠᠷ ᠡᠵᠡᠯᠡᠭᠰᠡᠨ ᠮᠠᠯᠲᠠᠭᠰᠠᠨ ᠣᠪᠣᠭᠠᠯᠠᠭᠰᠠᠨ ᠪᠠᠷᠢᠭᠰᠠᠨ︾ ᠬᠤᠭ ᠨᠣᠪᠰᠢ ᠶᠢ 3 ᠲᠦᠮᠡ ᠭᠠᠷᠤᠢ ᠲᠣᠨ ᠴᠡᠪᠡᠷᠯᠡᠨ᠂ ᠭᠤᠣᠯ ᠮᠥᠷᠡᠨ ᠨᠠᠭᠤᠷ ᠴᠥᠬᠦᠷᠦᠮ ᠢ ᠲᠣᠭᠤᠷᠢᠨ ᠪᠠᠶᠢᠴᠠᠭᠠᠬᠤ ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠭᠤᠣᠯ ᠤᠨ ᠵᠠᠮ ᠤᠨ ᠠᠮᠤᠷ ᠲᠦᠪᠰᠢᠨ ᠢ ᠪᠠᠲᠤᠯᠠᠪᠠ᠃ 
ᠢᠷᠡᠯᠲᠡ᠄ ᠴᠢ ᠫᠠᠨ ᠵᠢᠩ ᠪᠠᠯᠭᠠᠰᠤ