ᠪᠣᠳᠠᠲᠠᠢ ᠠᠵᠢᠯᠯᠠᠬᠤ ᠳᠤ ᠲᠤᠯᠭᠠᠭᠤᠷᠢ ᠪᠣᠯᠵᠤ  ︽ᠳᠠᠷᠤᠭᠠᠰᠤ ᠶᠢ ᠬᠥᠩᠭᠡᠯᠡᠬᠦ︾ ᠶᠢ ︽ᠴᠢᠳᠠᠪᠤᠷᠢ ᠣᠯᠭᠤᠬᠤ︾ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2024/6/3
      ᠥᠨᠥ ᠵᠢᠯ ᠠᠴᠠ ᠨᠠᠭᠠᠰᠢ᠂ ᠤᠯᠠᠭᠠᠨᠪᠠᠯᠭᠠᠰᠤ ᠰᠤᠮᠤ ᠪᠠᠯᠭᠠᠰᠤ ᠭᠠᠴᠠᠭ᠎ᠠ ᠲᠣᠰᠬᠤᠨ ᠤ ᠺᠠᠳ᠋ᠷᠴᠤᠳ ᠤᠨ ᠳᠠᠷᠤᠭᠠᠰᠤ ᠶᠢ ᠬᠥᠩᠭᠡᠯᠡᠵᠦ᠂ ᠰᠣᠶᠣᠯ ᠤᠨ ᠰᠤᠷᠲᠠᠯ᠂ ᠠᠵᠢᠯ ᠤᠨ ᠰᠤᠷᠲᠠᠯ ᠪᠠ ᠬᠢᠨᠠᠯᠲᠠ ᠶᠢᠨ ᠰᠤᠷᠲᠠᠯ ᠢ ᠬᠤᠪᠢᠷᠠᠭᠤᠯᠬᠤ ᠶᠢ ᠰᠠᠨᠠᠭᠠᠴᠢᠯᠠᠨ᠂ ᠰᠤᠮᠤ ᠪᠠᠯᠭᠠᠰᠤ ᠭᠠᠴᠠᠭ᠎ᠠ ᠲᠣᠰᠬᠤᠨ ᠤ ᠺᠠᠳ᠋ᠷᠴᠤᠳ ᠤᠨ ᠳᠠᠷᠤᠭᠠᠰᠤ ᠪᠣᠯᠣᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠵᠦ᠂ ᠰᠤᠮᠤ ᠪᠠᠯᠭᠠᠰᠤ  ᠭᠠᠴᠠᠭ᠎ᠠ ᠲᠣᠰᠬᠤᠨ ᠤ ᠺᠠᠳ᠋ᠷ ᠤᠨ ᠡᠷᠦᠬᠡ ᠳᠤ ᠢᠯᠡᠭᠦᠬᠡᠨ ᠬᠦᠷᠴᠦ᠂ ᠪᠣᠳᠠᠲᠤ ᠪᠠᠶᠢᠳᠠᠯ ᠢ ᠢᠯᠡᠭᠦᠬᠡᠨ ᠣᠶᠢᠯᠠᠭᠠᠨ᠂ ᠰᠢᠷᠭᠠᠭᠤ ᠬᠠᠲᠠᠭᠤᠵᠢᠯᠲᠠᠢ ᠰᠤᠳᠤᠯᠬᠤ ᠶᠢ ᠵᠣᠷᠢᠭᠵᠢᠭᠤᠯᠵᠤ᠂ ︽ᠭᠠᠴᠠᠭ᠎ᠠ ᠲᠣᠰᠬᠤᠨ ᠳᠤ ᠪᠠᠭᠤᠨ᠂ ᠰᠤᠷᠲᠠᠯ ᠢ ᠬᠤᠪᠢᠷᠠᠭᠤᠯᠵᠤ᠂ ᠪᠣᠳᠠᠲᠤ ᠶᠠᠪᠤᠳᠠᠯ ᠬᠢᠬᠦ︾ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠪᠠ᠃      ︽ᠣᠳᠣ ᠰᠤᠮᠤ ᠪᠠᠯᠭᠠᠰᠤ ᠭᠠᠴᠠᠭ᠎ᠠ ᠲᠣᠰᠬᠤᠨ ᠤ ᠺᠠᠳ᠋ᠷᠴᠤᠳ ᠦᠨᠳᠦᠰᠦᠨ ᠱᠠᠲᠤᠨ ᠳᠤ ᠪᠠᠭᠤᠬᠤ ᠲᠤᠭ᠎ᠠ ᠨᠢ ᠣᠯᠠᠰᠢᠷᠠᠭᠰᠠᠨ ᠠᠴᠠ ᠪᠢᠳᠠᠨ ᠳᠤ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ  ᠤᠬᠠᠭᠤᠯᠤᠭᠰᠠᠨ ᠢᠶᠠᠷ ᠪᠠᠷᠠᠬᠤ ᠦᠭᠡᠢ᠂ ᠭᠤᠷᠪᠠᠨ ᠬᠡᠦᠬᠡᠳ ᠠᠪᠤᠭᠰᠠᠨ ᠨᠥᠬᠦᠪᠦᠷᠢ ᠳᠤ ᠶᠠᠭᠤ ᠶᠢ ᠨᠥᠬᠦᠪᠦᠷᠢᠯᠡᠬᠦ᠂ ᠶᠠᠭᠠᠬᠢᠵᠤ ᠨᠥᠬᠦᠪᠦᠷᠢᠯᠡᠬᠦ ᠵᠡᠷᠭᠡ ᠪᠢᠳᠠᠨ ᠤ ᠬᠦᠷᠲᠡᠬᠦ ᠶᠣᠰᠣᠲᠠᠢ ᠲᠥᠷᠥ ᠶᠢᠨ ᠪᠣᠳᠣᠯᠭ᠎ᠠ ᠶᠢ ᠲᠣᠳᠣᠷᠬᠠᠢ ᠶᠠᠷᠢᠵᠤ ᠥᠭᠭᠦᠯ᠎ᠡ᠂ ᠮᠢᠨᠤ ᠦᠵᠡᠬᠦ ᠪᠠᠷ ᠡᠶᠢᠮᠦᠷᠬᠦ ᠦᠢᠯᠡᠴᠢᠯᠡᠭᠡ ᠮᠠᠰᠢ ᠰᠠᠶᠢᠨ ᠪᠠᠶᠢᠨ᠎ᠠ︾ ᠭᠡᠵᠦ ᠤᠯᠠᠨᠨᠠᠭᠤᠷ ᠭᠠᠴᠠᠭᠠᠨ ᠤ ᠮᠠᠯᠴᠢᠨ ᠬᠠᠰᠪᠠᠭᠠᠲᠤᠷ ᠰᠡᠳᠬᠢᠯ ᠬᠠᠨᠤᠮᠵᠢᠲᠠᠢ  ᠶᠠᠷᠢᠵᠤ ᠪᠠᠶᠢᠯ᠎ᠠ᠃      ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠪᠢᠳᠠᠨ ᠤ ᠰᠡᠳᠬᠢᠯ ᠳᠤ ᠶᠠᠭ ᠨᠡᠶᠢᠴᠡᠵᠦ ᠪᠠᠶᠢᠨ᠎ᠠ︾ ᠭᠡᠵᠦ ᠪᠠᠯᠭᠠᠰᠤᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠲᠠᠩ ᠬᠤᠤ ᠬᠡᠯᠡᠪᠡ᠃ ︽ᠥᠩᠭᠡᠷᠡᠭᠰᠡᠨ ᠳᠤ ᠬᠤᠲᠠ᠂ ᠬᠤᠰᠢᠭᠤᠨ ᠤ ᠡᠯ᠎ᠡ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠢ ᠰᠢᠶᠠᠩ ᠪᠠᠯᠭᠠᠰᠤᠨ ᠳᠤ ᠲᠠᠷᠬᠠᠭᠠᠵᠤ᠂ ᠪᠢᠴᠢᠭ ᠮᠠᠲ᠋ᠧᠷᠢᠶᠠᠯ ᠢ ᠲᠠᠷᠬᠠᠭᠠᠭᠠᠳ ᠳᠡᠮᠡᠢ ᠤᠳᠠᠬᠤ ᠦᠭᠡᠢ ᠪᠠᠷ ᠲᠤᠭ᠎ᠠ ᠪᠠᠷᠢᠮᠲᠠ ᠲᠠᠭᠯᠠᠬᠤ᠂ ᠮᠠᠲ᠋ᠧᠷᠢᠶᠠᠯ ᠮᠡᠳᠡᠭᠦᠯᠬᠦ ᠪᠠᠷ ᠶᠠᠭᠠᠷᠠᠭᠤᠯᠳᠠᠭ᠂ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠬᠤᠲᠠ ᠳᠤ ᠨᠢᠭᠡ ᠤᠳᠠᠭ᠎ᠠ ᠬᠤᠷᠠᠯ ᠬᠢᠵᠦ᠂ ᠵᠠᠯᠭᠠᠭᠠᠳ ᠬᠤᠰᠢᠭᠤᠨ ᠳᠤ ᠬᠤᠷᠠᠯᠳᠤᠨ᠂ ᠰᠢᠶᠠᠩ ᠪᠠᠯᠭᠠᠰᠤᠨ ᠳᠤ ᠬᠠᠷᠢᠭᠰᠠᠨ ᠤ ᠳᠠᠷᠠᠭ᠎ᠠ ᠪᠠᠰᠠ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠺᠠᠳ᠋ᠷᠴᠤᠳ ᠢ ᠴᠤᠭᠯᠠᠭᠤᠯᠤᠨ ᠬᠤᠷᠠᠯ ᠬᠢᠳᠡᠭ ᠪᠣᠯᠬᠤᠷ ᠶᠡᠭᠡ ᠬᠡᠮᠵᠢᠶᠡᠨ ᠤ ᠣᠶᠤᠨ ᠴᠢᠳᠠᠯ ᠵᠠᠷᠤᠴᠠᠭᠤᠯᠳᠠᠭ᠃ ᠣᠳᠣ ᠪᠢᠳᠡ ᠣᠯᠠᠨ ᠲᠦᠮᠡᠨ ᠲᠠᠢ ᠰᠠᠨᠠᠯ ᠢᠶᠠᠨ ᠰᠣᠯᠢᠯᠴᠠᠵᠤ᠂ ᠣᠯᠠᠨ ᠲᠦᠮᠡᠨ ᠤ ᠲᠥᠯᠥᠭᠡ ᠪᠣᠳᠠᠲᠤ ᠠᠵᠢᠯ ᠬᠢᠬᠦ ᠴᠠᠭ ᠠᠷᠪᠢᠨ ᠪᠣᠯᠣᠭᠰᠠᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠭᠤᠷᠬᠢ ᠣᠯᠠᠨ ᠠᠷᠭ᠎ᠠ ᠵᠠᠮ ᠢᠶᠠᠷ ᠠᠷᠠᠳ ᠤᠨ ᠰᠠᠨᠠᠯ ᠢ ᠬᠤᠷᠢᠶᠠᠨ ᠴᠤᠭᠯᠠᠭᠤᠯᠵᠤ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠪᠠᠶᠢᠭ᠎ᠠ ᠪᠣᠳᠠᠲᠤ ᠠᠰᠠᠭᠤᠳᠠᠯ ᠢ ᠰᠢᠢᠳᠪᠦᠷᠢᠯᠡᠬᠦ ᠴᠠᠭ ᠲᠠᠢ᠂ ᠡᠷᠴᠢ ᠬᠦᠴᠦᠨ ᠲᠠᠢ ᠪᠣᠯᠪᠠ︾ ᠭᠡᠪᠡ᠃      ᠲᠣᠰᠣᠲᠦ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠢᠦ ᠬᠦᠢ ᠮᠧᠢ᠄ ︽ᠣᠳᠣᠬᠠᠨ ᠳᠤ᠂ ᠮᠠᠨ ᠤ ᠨᠡᠶᠢᠭᠡᠮ ᠲᠣᠭᠤᠷᠢᠭ ᠤᠨ ᠨᠢᠭᠡ ᠬᠤᠶᠠᠷᠬᠠᠨ ᠠᠵᠢᠯᠲᠠᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠦᠯᠡᠳᠡᠭᠡᠵᠦ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠨ᠂ ᠪᠤᠰᠤᠳ  ᠨᠢ ᠴᠥᠮ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠳ ᠲᠠᠢ ᠬᠠᠮᠲᠤ ᠨᠡᠶᠢᠭᠡᠮ ᠲᠣᠭᠤᠷᠢᠭ ᠲᠤ ᠬᠦᠷᠴᠦ᠂ ᠬᠥᠮᠥᠰ ᠤᠨ ᠮᠡᠳᠡᠭᠡ ᠵᠠᠩᠭᠢ ᠶᠢ ᠣᠶᠢᠯᠠᠭᠠᠨ᠂ ︿ᠡᠬᠢ ᠪᠠᠶᠠᠯᠢᠭ ᠤᠨ ᠨᠠᠷᠢᠨ ᠲᠠᠩᠰᠠ﹀ ᠶᠢ ᠡᠮᠬᠢᠯᠡᠵᠦ᠂ ᠣᠯᠠᠨ ᠲᠦᠮᠡᠨ ᠤ ᠲᠤᠯᠭᠠᠮ᠎ᠠ ᠬᠦᠴᠢᠷᠲᠡᠢ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠯᠦᠭᠡ ᠲᠠᠰᠤᠯᠴᠠᠵᠤ᠂ ᠬᠠᠷᠢᠴᠠᠭ᠎ᠠ ᠨᠢ ᠤᠯᠠᠮ ᠰᠠᠶᠢᠵᠢᠷᠠᠪᠠ︾ ᠭᠡᠵᠦ ᠪᠠᠶᠠᠷᠲᠠᠢ ᠬᠡᠯᠡᠨ᠎ᠡ᠃      ᠳᠠᠷᠤᠭᠠᠰᠤ ᠶᠢ ᠬᠥᠩᠭᠡᠯᠡᠬᠦ ᠳᠤ ᠬᠠᠷᠢᠭᠤᠴᠠᠯᠭ᠎ᠠ ᠶᠢ ᠬᠥᠩᠭᠡᠯᠡᠬᠦ ᠦᠭᠡᠢ᠂ ᠵᠢᠳᠬᠦᠯ ᠴᠢᠷᠮᠠᠶᠢᠯᠭ᠎ᠠ ᠶᠢ ᠬᠥᠩᠭᠡᠯᠡᠬᠦ ᠦᠭᠡᠢ᠃ ᠤᠯᠠᠭᠠᠨᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ︽ᠳᠠᠷᠤᠭᠠᠰᠤ ᠶᠢ ᠬᠥᠩᠭᠡᠯᠡᠬᠦ︾ ᠪᠠ ᠵᠠᠰᠠᠭ ᠵᠠᠬᠢᠷᠭᠠᠨ ᠤ ᠦᠷ᠎ᠡ ᠪᠦᠲᠦᠮᠵᠢ ᠶᠢᠨ ︽ᠴᠢᠳᠠᠪᠤᠷᠢ ᠣᠯᠭᠤᠬᠤ︾ ᠲᠠᠯ᠎ᠠ ᠪᠠᠷ ᠣᠨᠣᠪᠴᠢᠲᠠᠢ ᠬᠦᠴᠦᠯᠡᠨ᠂ ᠦᠵᠡᠯ ᠰᠠᠨᠠᠭ᠎ᠠ ᠣᠶᠢᠯᠠᠭᠠᠭᠳᠠᠬᠤᠨ᠂ ᠠᠵᠢᠯ ᠤᠨ ᠰᠤᠷᠲᠠᠯ᠂ ᠬᠠᠮᠢᠶᠠᠷᠤᠯᠲᠠ ᠶᠢᠨ ᠲᠣᠭᠲᠠᠴᠠ ᠶᠢᠨ ᠲᠠᠯ᠎ᠠ ᠠᠴᠠ ᠰᠢᠯᠲᠠᠭᠠᠨ ᠢ ᠨᠢ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠤᠤᠯ ᠤᠨ ᠬᠤᠷᠤᠭᠤᠨ ᠦᠵᠦᠭᠦᠷ ᠤᠨ APP᠂ ᠸᠢᠴᠠᠲ ᠤᠨ ᠴᠤᠭᠯᠠᠷᠠᠯ᠂ ᠫᠠᠶᠢᠰᠠ᠂ ᠳᠠᠩᠰᠠ ᠡᠪᠬᠡᠮᠡᠯ᠂ ᠬᠤᠷᠠᠯ᠂ ᠬᠢᠨᠠᠨ ᠰᠢᠯᠭᠠᠷᠠᠭᠤᠯᠤᠯᠲᠠ ᠵᠡᠷᠭᠡ ︽ᠳᠠᠷᠤᠭᠠᠰᠤ︾ ᠶᠢ ᠠᠷᠢᠯᠭᠠᠵᠤ᠂ ᠪᠣᠳᠠᠲᠠᠢ ᠠᠵᠢᠯᠯᠠᠬᠤ ᠪᠠᠷ ᠤᠳᠤᠷᠢᠳᠤᠮᠵᠢ ᠪᠣᠯᠭᠠᠨ᠂ ᠦᠨᠳᠦᠰᠦᠨ ᠱᠠᠲᠤᠨ ᠤ ᠺᠠᠳ᠋ᠷ ᠤᠨ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠲᠦᠪᠰᠢᠨ ᠪᠣᠯᠣᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠡᠷᠡᠰ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠪᠠᠷ ᠬᠡᠯᠪᠡᠷᠢᠴᠢ ᠦᠵᠡᠯ ᠢ ᠡᠰᠡᠷᠭᠦᠴᠡᠨ᠂ ᠰᠢᠯᠢᠳᠡᠭᠵᠢᠭᠦᠯᠦᠨ ᠴᠣᠮᠬᠠᠳᠬᠠᠵᠤ᠂ ᠬᠤᠷᠠᠯ ᠢ ᠡᠮᠬᠢᠯᠡᠨ ᠨᠡᠶᠢᠯᠡᠭᠦᠯᠪᠡ᠃ 
ᠢᠷᠡᠯᠲᠡ᠄ ᠤᠯᠠᠭᠠᠨᠪᠠᠯᠭᠠᠰᠤ