ᠦᠮᠡᠬᠡᠶᠢᠨᠠᠭᠤᠷ ᠪᠠᠯᠭᠠᠰᠤ ᠠᠶᠢᠯ ᠡᠷᠦᠬᠡ ᠲᠠᠷᠢᠶᠠᠨ ᠭᠠᠵᠠᠷ ᠲᠤ ᠣᠴᠢᠨ ᠤᠬᠠᠭᠤᠯᠭ᠎ᠠ ᠬᠢᠵᠦ  ᠨᠤᠲᠤᠭ ᠪᠡᠯᠴᠢᠭᠡᠷ ᠣᠶᠢᠲᠤ ᠭᠠᠵᠠᠷ ᠤᠨ ᠠᠮᠢ ᠠᠬᠤᠢ ᠶᠢ ᠰᠠᠶᠢᠲᠤᠷ ᠬᠠᠮᠠᠭᠠᠯᠠᠪᠠ
ᠨᠡᠶᠢᠲᠡᠯᠡᠭᠰᠡᠨ ᠴᠠᠭ᠄
2024/6/5
      ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠦᠮᠡᠬᠡᠶᠢᠨᠠᠭᠤᠷ ᠪᠠᠯᠭᠠᠰᠤ ᠬᠡᠰᠡᠭ ᠢᠶᠠᠷ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠣᠶ ᠬᠠᠮᠠᠭᠠᠯᠠᠭᠴᠢ ᠶᠢ ᠳᠠᠶᠢᠴᠢᠯᠠᠵᠤ᠂ ᠪᠥᠬᠦ ᠪᠠᠯᠭᠠᠰᠤ ᠶᠢᠨ ᠬᠡᠪᠴᠢᠶᠡᠨ ᠳᠤ ︽ᠪᠦᠬᠦᠨ ᠢ ᠬᠠᠮᠤᠷᠬᠤ᠂ ᠥᠯᠥ ᠠᠭᠤᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ ᠪᠦᠲᠦᠮᠵᠢ ᠶᠢ ᠴᠢᠬᠤᠯᠠᠴᠢᠯᠠᠬᠤ︾ ᠣᠪᠣᠷ ᠢᠶᠠᠷ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠠᠤᠯᠢ ᠲᠦᠭᠡᠮᠡᠯᠵᠢᠭᠦᠯᠬᠦ ᠪᠦᠲᠦᠮᠵᠢ ᠶᠢ ᠬᠤᠶᠠᠷ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃      ᠵᠣᠭᠰᠣᠴᠠ ᠪᠠᠨ ᠳᠡᠭᠡᠭᠰᠢᠯᠡᠭᠦᠯᠵᠦ  ᠬᠠᠷᠢᠭᠤᠴᠠᠯᠭ᠎ᠠ ᠪᠠᠨ ᠪᠣᠳᠠᠲᠠᠢ ᠨᠠᠶᠢᠳᠠᠪᠤᠷᠢᠵᠢᠭᠤᠯᠪᠠ      ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠳᠦᠷ ᠪᠦᠷᠢ ᠵᠥᠷᠢᠴᠡᠯ ᠰᠢᠢᠳᠪᠦᠷᠢᠯᠡᠬᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ︽ᠡᠳᠦᠷ ᠲᠤ ᠲᠣᠬᠢᠷᠠᠭᠤᠯᠤᠯᠲᠠ ᠬᠢᠬᠦ᠂ ᠡᠳᠦᠷ ᠲᠤ ᠰᠤᠳᠤᠯᠤᠨ ᠮᠠᠭᠠᠳᠯᠠᠬᠤ᠂ ᠡᠳᠦᠷ ᠲᠤ ᠨᠠᠶᠢᠳᠠᠪᠤᠷᠢᠵᠢᠭᠤᠯᠬᠤ︾ ᠶᠢ ᠪᠠᠷᠢᠮᠲᠠᠯᠠᠨ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠵᠦ᠂ ᠪᠠᠭ ᠤᠨ ᠪᠦᠷᠢᠯᠳᠦᠭᠦᠨ ᠨᠠᠷ ᠠᠵᠢᠯ ᠢᠶᠠᠨ ᠬᠤᠪᠢᠶᠠᠷᠢᠯᠠᠵᠤ ᠬᠠᠷᠢᠭᠤᠴᠠᠨ᠂ ᠪᠥᠬᠦ ᠺᠠᠳ᠋ᠷ ᠬᠠᠮᠲᠤ ᠪᠠᠷ ᠴᠢᠷᠮᠠᠶᠢᠵᠤ ᠪᠠᠶᠢᠭᠠᠳ ︽ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ︾ ᠠᠵᠢᠯ ᠤᠨ ᠲᠣᠭᠲᠠᠯᠴᠠᠭ᠎ᠠ ᠶᠢ ᠪᠣᠶ ᠪᠣᠯᠭᠠᠵᠤ᠂ ᠡᠳᠦᠷ ᠪᠦᠷᠢ ᠶᠢᠨ ᠬᠠᠷᠢᠭᠤ ᠲᠤᠰᠬᠠᠭᠰᠠᠨ ᠠᠰᠠᠭᠤᠳᠠᠯ ᠢ ᠲᠥᠪᠯᠡᠷᠡᠭᠦᠯᠦᠨ ᠰᠤᠳᠤᠯᠵᠤ ᠵᠠᠳᠠᠯᠤᠨ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠳᠠᠷᠠᠭᠠᠯᠠᠨ ᠲᠥᠷᠥᠯ ᠵᠦᠢᠯ ᠢ ᠨᠢᠭᠡᠳ ᠨᠢᠭᠡ ᠪᠠᠷ ᠬᠢᠨᠠᠨ ᠬᠠᠷᠭᠤᠭᠤᠯᠵᠤ ᠴᠡᠭᠴᠡᠯᠡᠨ ᠵᠠᠯᠠᠷᠠᠭᠤᠯᠤᠭᠰᠠᠨ ᠢ ᠨᠢ ᠳᠠᠩᠰᠠᠨ ᠠᠴᠠ ᠭᠠᠷᠭᠠᠨ᠂ ᠲᠤᠭ᠎ᠠ ᠪᠠᠷᠢᠮᠲᠠ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠨᠤᠲᠤᠭ ᠪᠡᠯᠴᠢᠭᠡᠷ ᠣᠶᠢᠲᠤ ᠭᠠᠵᠠᠷ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠬᠦᠴᠦ ᠪᠠᠨ ᠬᠠᠮᠲᠤᠳᠬᠠᠨ ᠪᠥᠬᠦ ᠲᠠᠯ᠎ᠠ ᠪᠠᠷ ᠠᠬᠢᠭᠤᠯᠪᠠ᠃      ᠪᠠᠶᠢᠩᠭᠤ ᠬᠢᠨᠠᠯᠲᠠ ᠲᠠᠯᠪᠢᠵᠤ  ᠬᠠᠮᠲᠤᠷᠠᠨ ᠬᠥᠳᠡᠯᠦᠯᠴᠡᠵᠦ ᠬᠠᠤᠯᠢ ᠶᠢ ᠬᠡᠷᠡᠭᠵᠢᠭᠦᠯᠪᠡ      ᠬᠡᠰᠡᠭ ᠢᠶᠠᠷ ᠳᠠᠭᠠᠭᠠᠴᠢᠯᠠᠭᠰᠠᠨ ᠤᠳᠤᠷᠢᠳᠤᠯᠭ᠎ᠠ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠨ᠂ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠣᠶ ᠬᠠᠮᠠᠭᠠᠯᠠᠭᠴᠢ ᠨᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠠᠷᠠᠭ ᠤᠨ ᠡᠳᠦᠷ᠂ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠴᠤ ᠰᠤᠯᠠᠷᠠᠭᠤᠯᠤᠰᠢ ᠦᠭᠡᠢ ᠴᠢᠩᠭ᠎ᠠ ᠠᠳᠬᠤᠨ᠂ ᠪᠥᠬᠦ ᠪᠠᠯᠭᠠᠰᠤᠨ ᠤ ᠬᠡᠪᠴᠢᠶᠡᠨ ᠳᠤ ᠪᠦᠬᠦᠯᠢ ᠡᠳᠦᠷ ᠢᠶᠠᠷ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠵᠦ᠂ ᠬᠠᠮᠢᠶᠠᠷᠤᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠨ ᠢ ᠭᠦᠢᠴᠡᠳ ᠪᠠᠳᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠬᠤ ᠵᠡᠷᠭᠡ ᠬᠠᠤᠯᠢ ᠵᠥᠷᠢᠴᠡᠭᠰᠡᠨ  ᠠᠵᠢᠯᠯᠠᠭ᠎ᠠ ᠳᠤ ᠡᠷᠡᠰ ᠴᠣᠬᠢᠯᠲᠠ ᠥᠭᠪᠡ᠃ ᠣᠲᠣ ᠪᠣᠯᠲᠠᠯ᠎ᠠ᠂ ᠮᠠᠨ ᠤ ᠪᠠᠯᠭᠠᠰᠤ ᠨᠡᠶᠢᠲᠡ 100 ᠭᠠᠷᠤᠢ ᠬᠥᠮᠥᠨ ᠤᠳᠠᠭ᠎ᠠ ᠲᠣᠭᠤᠷᠢᠨ ᠪᠠᠶᠢᠴᠠᠭᠠᠵᠤ᠂ 3 ᠤᠳᠠᠭ᠎ᠠ ᠰᠥᠨᠢ ᠪᠠᠷ ᠪᠠᠶᠢᠴᠠᠭᠠᠨ᠂ 14 ᠤᠳᠠᠭ᠎ᠠ ᠬᠡᠯᠡᠵᠦ ᠰᠡᠷᠡᠮᠵᠢᠯᠡᠭᠦᠯᠪᠡ᠃      ᠣᠨᠣᠪᠴᠢᠲᠠᠢ ᠤᠬᠠᠭᠤᠯᠤᠨ ᠲᠠᠶᠢᠯᠪᠤᠷᠢᠯᠠᠵᠤ  ᠬᠠᠤᠯᠢ ᠴᠠᠭᠠᠵᠠ ᠶᠢ ᠭᠦᠨᠵᠡᠭᠡᠢ ᠲᠦᠭᠡᠮᠡᠯᠵᠢᠭᠦᠯᠪᠡ      ᠠᠵᠢᠯᠲᠠᠳ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠠᠷᠢᠶᠠᠨ ᠭᠠᠵᠠᠷ᠂ ᠲᠠᠷᠢᠶᠠᠴᠢᠨ ᠡᠷᠦᠬᠡ ᠶᠢᠨ ᠳᠤ ᠬᠦᠷᠴᠦ᠂ ᠨᠢᠭᠤᠷᠲᠠᠨ ᠤᠬᠠᠭᠤᠯᠵᠤ ᠲᠠᠶᠢᠯᠪᠤᠷᠢᠯᠠᠭᠰᠠᠨ ᠨᠢ ᠬᠠᠤᠯᠢ ᠲᠣᠭᠲᠠᠭᠠᠯ ᠤᠨ ᠵᠦᠢᠯ ᠵᠤᠷᠪᠤᠰ ᠢ ᠪᠥᠬᠦ ᠲᠠᠯ᠎ᠠ ᠪᠠᠷ ᠣᠨᠣᠪᠴᠢᠲᠠᠶ᠂ ᠤᠤᠯ ᠬᠡᠪ ᠢᠶᠠᠷ ᠨᠢ ᠤᠬᠠᠭᠤᠯᠬᠤ ᠶᠢ ᠪᠠᠲᠤᠯᠠᠭᠰᠠᠨ ᠮᠥᠷᠲᠡᠭᠡᠨ ᠪᠠᠰᠠ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ︽ᠣᠨᠴᠠᠯᠢᠭ ᠲᠤᠨᠢ ᠲᠣᠬᠢᠷᠠᠬᠤ︾ ᠠᠰᠠᠭᠤᠳᠠᠯ ᠢ ᠶᠠᠷᠢᠵᠤ᠂ ᠮᠠᠯᠴᠢᠨ ᠲᠠᠷᠢᠶᠠᠴᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠬᠤ ᠶᠢ ᠬᠥᠲᠥᠯᠥᠨ ᠵᠢᠯᠤᠭᠤᠳᠴᠦ᠂ ᠨᠤᠲᠤᠭ ᠪᠡᠯᠴᠢᠭᠡᠷ ᠠᠮᠢ ᠠᠬᠤᠢ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠨᠡᠩ ᠭᠦᠨᠵᠡᠭᠡᠢ ᠲᠦᠭᠡᠮᠡᠯᠵᠢᠭᠦᠯᠪᠡ᠃ 
ᠢᠷᠡᠯᠲᠡ᠄ ᠦᠮᠡᠬᠡᠶᠢᠨᠠᠭᠤᠷ ᠪᠠᠯᠭᠠᠰᠤ