ᠦᠮᠡᠬᠡᠶᠢᠨᠠᠭᠤᠷ ᠪᠠᠯᠭᠠᠰᠤ ᠲᠠᠬᠢᠶᠠᠨ ᠴᠣᠷᠪᠠᠭ᠎ᠠ ᠬᠤᠪᠢᠶᠠᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ  ᠠᠮᠢᠵᠢᠷᠠᠯ ᠤᠨ ᠬᠦᠴᠦᠨ ᠪᠢᠯᠬᠠᠭᠰᠠᠨ ᠳᠠᠬᠢᠶᠠᠨ ᠤ ᠦᠢᠯᠡᠰ ᠢ ᠬᠥᠭᠵᠢᠭᠦᠯᠪᠡ
ᠨᠡᠶᠢᠲᠡᠯᠡᠭᠰᠡᠨ ᠴᠠᠭ᠄
2024/6/5
      ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦᠯᠬᠦ ᠠᠷᠭ᠎ᠠ ᠵᠠᠮ ᠢ ᠤᠯᠠᠮ ᠥᠷᠭᠡᠳᠬᠡᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠳᠤ ᠬᠦᠴᠦᠨ ᠨᠡᠮᠡᠷᠢᠯᠡᠵᠦ᠂ ︽ᠪᠠᠭ᠎ᠠ ᠬᠠᠮᠲᠤ᠂ ᠶᠡᠭᠡ ᠬᠡᠪᠴᠢᠶᠡᠵᠢᠯ︾ ᠤᠨ ᠲᠠᠬᠢᠶ᠎ᠠ ᠲᠡᠵᠢᠭᠡᠬᠦ ᠬᠥᠭᠵᠢᠯᠲᠡ ᠶᠢᠨ ᠬᠡᠪᠴᠢᠶᠡᠵᠢᠯ ᠢ ᠥᠷᠭᠡᠳᠬᠡᠬᠦ ᠪᠠᠷ ᠦᠮᠡᠬᠡᠶᠢᠨᠠᠭᠤᠷ ᠪᠠᠯᠭᠠᠰᠤ 2024 ᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠲᠠᠬᠢᠶᠠᠨ ᠴᠣᠷᠪᠠᠭ᠎ᠠ ᠬᠤᠪᠢᠶᠠᠬᠤ ᠠᠵᠢᠯᠯᠠᠭ᠎ᠠ ᠶᠢ ᠥᠷᠨᠢᠭᠦᠯᠪᠡ᠃ ᠳᠡᠷᠪᠡᠭᠡᠨᠡᠨ ᠭᠦᠶᠦᠯᠳᠦᠵᠦ ᠱᠣᠯᠤᠭᠤᠨᠠᠨ ᠳᠤᠤᠭᠠᠷᠬᠤ ᠳᠠᠬᠢᠶᠠᠨ ᠴᠣᠷᠪᠠᠭ᠎ᠠ ᠨᠤᠭᠤᠳ ᠢ ᠦᠵᠡᠭᠡᠳ ᠲᠠᠬᠢᠶᠠᠨ ᠴᠣᠷᠪᠠᠭ᠎ᠠ ᠠᠪᠬᠤ ᠪᠠᠷ ᠢᠷᠡᠭᠰᠡᠨ ᠲᠡᠵᠢᠭᠡᠨ ᠦᠷᠡᠵᠢᠭᠦᠯᠬᠦ ᠡᠷᠦᠬᠡ ᠨᠦᠭᠦᠳ ᠴᠥᠮ ᠪᠠᠶᠠᠷᠲᠠᠢ ᠢᠨᠢᠶᠡᠵᠡᠭᠡᠨ᠎ᠡ᠃      ᠳᠠᠬᠢᠶᠠᠨ ᠴᠣᠷᠪᠠᠭ᠎ᠠ ᠬᠤᠪᠢᠶᠠᠬᠤ ᠲᠤᠬᠠᠢ ᠶᠢᠨ ᠲᠠᠯᠠᠪᠠᠢ ᠳᠤ᠂ ᠪᠠᠯᠭᠠᠰᠤᠨ ᠤ ᠵᠠᠰᠠᠭ ᠤᠨ ᠣᠷᠳᠣᠨ ᠤ ᠠᠵᠢᠯᠲᠠᠳ ᠨᠢᠭᠡ ᠲᠠᠯ᠎ᠠ ᠪᠠᠷ ᠲᠣᠰᠬᠤᠨ ᠤ ᠠᠷᠠᠳ ᠲᠤ ᠲᠠᠬᠢᠶᠠᠨ ᠴᠣᠷᠪᠠᠭ᠎ᠠ ᠬᠤᠪᠢᠶᠠᠵᠤ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠳᠠᠭᠠᠤ ᠨᠦᠭᠦᠭᠡ ᠲᠠᠯ᠎ᠠ ᠪᠠᠷ ᠲᠠᠬᠢᠶᠠᠨ ᠴᠣᠷᠪᠠᠭ᠎ᠠ ᠲᠡᠵᠢᠭᠡᠨ ᠦᠷᠡᠵᠢᠭᠦᠯᠬᠦ ᠳᠤ ᠠᠩᠬᠠᠷᠬᠤ ᠴᠢᠬᠤᠯᠠᠲᠠᠢ ᠵᠦᠢᠯᠡᠰ ᠵᠢᠴᠢ ᠳᠠᠬᠢᠶᠠᠨ ᠴᠣᠷᠪᠠᠭ᠎ᠠ ᠲᠡᠵᠢᠭᠡᠭᠡᠳ ᠠᠮᠵᠢᠯᠲᠠ ᠣᠯᠣᠭᠰᠠᠨ ᠵᠢᠱᠢᠶ᠎ᠡ ᠶᠢ ᠶᠠᠷᠢᠵᠤ ᠥᠭᠭᠦᠨ᠂ ᠲᠣᠰᠬᠤᠨ ᠤ ᠠᠷᠠᠳ ᠤᠨ ᠢᠲᠡᠭᠡᠯ ᠵᠣᠷᠢᠭ ᠢ ᠬᠥᠪᠴᠢᠯᠡᠵᠦ᠂ ᠬᠠᠮᠢᠶᠠᠷᠤᠯᠲᠠ ᠪᠠᠨ ᠴᠢᠩᠭᠠᠳᠬᠠᠨ᠂ ᠨᠢᠮᠪᠠᠢ ᠠᠷᠠᠴᠢᠯᠠᠨ ᠲᠡᠵᠢᠭᠡᠵᠦ᠂ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠴᠢᠷᠮᠠᠶᠢᠨ ᠥᠷᠭᠡᠳᠬᠡᠬᠦ ᠶᠢ ᠵᠣᠷᠢᠭᠵᠢᠭᠤᠯᠪᠠ᠃      ︽ᠨᠠᠰᠤ ᠠᠬᠢᠭᠰᠠᠨ ᠠᠴᠠ ᠭᠠᠳᠠᠭᠰᠢ ᠭᠠᠷᠴᠤ ᠬᠥᠯᠥᠰᠦᠨ ᠠᠵᠢᠯ ᠬᠢᠵᠦ ᠳᠡᠶᠢᠯᠬᠦ ᠦᠭᠡᠢ ᠪᠣᠯᠵᠠᠢ᠂ ᠬᠠᠷᠢᠨ ᠲᠠᠬᠢᠶ᠎ᠠ ᠲᠡᠵᠢᠭᠡᠵᠦ ᠳᠡᠶᠢᠯᠦᠨ᠎ᠡ ᠰᠢᠤ᠂ ᠵᠠᠰᠠᠭ ᠤᠨ ᠣᠷᠳᠣᠨ ᠠᠴᠠ ᠲᠠᠬᠢᠶᠠᠨ ᠴᠣᠷᠪᠠᠭ᠎ᠠ ᠬᠤᠪᠢᠶᠠᠵᠤ ᠥᠭᠭᠦᠭᠰᠡᠨ ᠨᠢ   ᠦᠨᠡᠬᠡᠷ ᠰᠠᠶᠢᠬᠠᠨ ᠶᠠᠪᠤᠳᠠᠯ ᠪᠠᠶᠢᠨ᠎ᠠ᠂ ᠪᠢ ᠬᠠᠷᠢᠭᠰᠠᠨ ᠤ ᠳᠠᠷᠠᠭ᠎ᠠ ᠯᠠᠪᠲᠠᠢ ᠨᠢᠮᠪᠠᠢ ᠠᠷᠠᠴᠢᠯᠠᠨ ᠲᠡᠵᠢᠭᠡᠵᠦ᠂ ᠥᠨᠳᠥᠷ ᠦᠨ᠎ᠡ ᠪᠠᠷ ᠬᠤᠳᠠᠯᠳᠤᠬᠤ ᠪᠠᠷ ᠴᠢᠷᠮᠠᠶᠢᠨ᠎ᠠ︾ ᠭᠡᠵᠦ ᠲᠠᠬᠢᠶᠠᠨ ᠴᠣᠷᠪᠠᠭ᠎ᠠ ᠬᠤᠪᠢᠶᠠᠵᠤ ᠠᠪᠤᠭᠰᠠᠨ ᠲᠠᠷᠢᠶᠠᠴᠢᠨ ᠴᠢᠷᠠᠢ ᠳᠦᠭᠦᠷᠡᠩ ᠢᠨᠢᠶᠡᠮᠰᠦᠭᠯᠡᠯ ᠲᠠᠢ ᠶᠠᠷᠢᠨ᠎ᠠ᠃ ᠲᠣᠰ ᠤᠳᠠᠭᠠᠨ ᠤ ᠲᠠᠬᠢᠶᠠᠨ ᠴᠣᠷᠪᠠᠭ᠎ᠠ ᠬᠤᠪᠢᠶᠠᠬᠤ ᠠᠵᠢᠯᠯᠠᠭ᠎ᠠ ᠳᠤ ᠪᠥᠬᠦ ᠪᠠᠯᠭᠠᠰᠤᠨ ᠤ 1500 ᠨᠤᠲᠤᠭ ᠤᠨ ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠳᠤ ᠨᠡᠶᠢᠲᠡ 144 ᠲᠦᠮᠡᠨ ᠲᠥᠭᠦᠷᠢᠭ ᠤᠨ ᠥᠷᠲᠡᠭ ᠪᠦᠬᠦᠢ 80000 ᠲᠠᠬᠢᠶᠠᠨ ᠴᠣᠷᠪᠠᠭ᠎ᠠ ᠶᠢ ᠲᠥᠯᠥᠪᠦᠷᠢ ᠦᠭᠡᠢ ᠪᠠᠷ ᠬᠤᠪᠢᠶᠠᠨ ᠥᠭᠪᠡ᠂ ᠪᠣᠶ ᠪᠦᠬᠦᠢ ᠲᠠᠬᠢᠶᠠᠨ ᠴᠣᠷᠪᠠᠭ᠎ᠠ ᠶᠢ ᠴᠥᠮ 30 ᠡᠳᠦᠷ ᠠᠴᠠ ᠳᠡᠭᠡᠭᠰᠢ ᠪᠣᠶᠢᠵᠢᠭᠤᠯᠤᠭᠰᠠᠨ ᠪᠥᠭᠡᠳ 8 ᠤᠳᠠᠭ᠎ᠠ ᠸᠠᠺᠼᠢᠨ ᠤ ᠲᠠᠷᠢᠯᠭ᠎ᠠ ᠬᠢᠵᠡᠢ᠃      ᠦᠮᠡᠬᠡᠶᠢᠨᠠᠭᠤᠷ ᠪᠠᠯᠭᠠᠰᠤ ᠨᠢᠭᠡᠨᠲᠡ ᠲᠠᠪᠤᠨ ᠵᠢᠯ ᠳᠠᠷᠠᠭᠠᠯᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠲᠥᠯᠥᠪᠦᠷᠢ ᠦᠭᠡᠢ ᠪᠠᠷ ᠲᠠᠬᠢᠶᠠᠨ ᠴᠣᠷᠪᠠᠭ᠎ᠠ ᠬᠤᠪᠢᠶᠠᠵᠤ᠂ ︽ᠲᠠᠬᠢᠶᠠᠨ ᠴᠣᠷᠪᠠᠭ᠎ᠠ ᠬᠦᠷᠭᠡᠬᠦ᠂ ᠮᠡᠷᠭᠡᠵᠢᠯ ᠬᠦᠷᠭᠡᠬᠦ᠂ ᠦᠢᠯᠡᠴᠢᠯᠡᠭᠡ ᠬᠦᠷᠭᠡᠬᠦ︾ ᠬᠡᠯᠪᠡᠷᠢ ᠪᠠᠷ ᠠᠷᠠᠳ ᠣᠯᠠᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠣᠷᠭᠢᠯᠤᠮ᠎ᠠ ᠰᠡᠳᠬᠢᠯᠭᠡ ᠵᠢᠴᠢ ᠥᠪᠡᠷ ᠤᠨ ᠬᠦᠴᠦ ᠪᠠᠷ ᠢᠶᠠᠨ ᠳᠡᠭᠵᠢᠷᠡᠵᠦ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠪᠠᠰᠠ ᠪᠥᠬᠦ ᠪᠠᠯᠭᠠᠰᠤᠨ ᠤ ᠨᠤᠲᠤᠭ ᠤᠨ ᠳᠠᠬᠢᠶᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠲᠠᠷᠢᠶᠠᠴᠢᠨ ᠡᠷᠦᠬᠡ ᠶᠢᠨ ᠥᠪᠡᠷ ᠤᠨ ᠬᠦᠴᠦ ᠪᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠠᠬᠢᠭᠤᠯᠤᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠤᠯᠠᠮ ᠬᠥᠭᠵᠢᠭᠦᠯᠵᠡᠢ᠃      ᠵᠠᠯᠭᠠᠭᠠᠳ ᠦᠮᠡᠬᠡᠶᠢᠨᠠᠭᠤᠷ ᠪᠠᠯᠭᠠᠰᠤ ᠢᠮᠠᠭᠲᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠴᠤᠷᠪᠠᠭ᠎ᠠ ᠶᠢᠨ ᠲᠣᠮᠣ ᠠᠵᠤ ᠦᠢᠯᠡᠰ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ  ᠰᠠᠭᠤᠷᠢᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠪᠴᠠᠯᠳᠤᠭᠤᠯᠬᠤ ᠶᠢ ᠭᠦᠨᠵᠡᠭᠡᠢ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠴᠢᠨᠠᠭᠰᠢᠳᠠ ᠥᠷᠭᠡᠳᠬᠡᠬᠦ ᠳᠤ ᠬᠦᠴᠦ ᠨᠡᠮᠡᠷᠢᠯᠡᠨ᠂ ᠨᠤᠲᠤᠭ ᠤᠨ ᠳᠠᠬᠢᠶᠠᠨ ᠤ ᠦᠢᠯᠡᠰ ᠢ ᠤᠯᠠᠮ ᠬᠥᠭᠵᠢᠭᠦᠯᠦᠨ᠎ᠡ᠃ 
ᠢᠷᠡᠯᠲᠡ᠄ ᠦᠮᠡᠬᠡᠶᠢᠨᠠᠭᠤᠷ ᠪᠠᠯᠭᠠᠰᠤ