ᠰᠤ᠋ ᡁᠢ ᠰᠢᠶᠦ᠋ᠡᠭ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/6/7
      6 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠣᠷᠣᠯᠴᠠᠪᠠ᠃
W020240607319570444750.jpg
           ᠰᠤ᠋ ᡁᠢ ᠰᠢᠶᠦ᠋ᠡᠭ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠴᠦ᠂ ᠰᠢᠯᠭᠠᠭᠤᠯᠤᠭᠰᠠᠳ ᠤᠨ ᠨᠡᠪᠲᠡᠷᠡᠬᠦ ᠵᠠᠮ᠂ ᠣᠶᠤᠨᠲᠤ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ᠂ ᠬᠠᠷᠠᠭᠠᠨ ᠳᠠᠪᠲᠠᠮᠵᠢᠲᠤ ᠬᠢᠨᠠᠨ ᠡᠵᠡᠮᠳᠡᠬᠦ ᠲᠥᠪ᠂ ᠰᠢᠯᠭᠠᠯᠲᠠ ᠶᠢᠨ ᠶᠠᠪᠤᠳᠠᠯ ᠤᠨ ᠠᠯᠪᠠᠨ ᠭᠡᠷ ᠵᠡᠷᠭᠡ ᠲᠠᠯᠠᠪᠤᠷ ᠢ ᠪᠠᠶᠢᠴᠠᠭᠠᠨ ᠦᠵᠡᠵᠦ᠂ ᠰᠢᠯᠭᠠᠯᠲᠠ ᠶᠢᠨ ᠶᠠᠪᠤᠳᠠᠯ ᠤᠨ  ᠲᠣᠬᠢᠷᠠᠭᠤᠯᠭ᠎ᠠ᠂ ᠰᠢᠯᠭᠠᠯᠲᠠ ᠶᠢᠨ ᠲᠠᠯᠠᠪᠤᠷ ᠤᠨ ᠲᠣᠬᠢᠷᠠᠭᠤᠯᠤᠯᠲᠠ᠂ ᠰᠣᠨᠣᠰᠬᠤ ᠴᠢᠳᠠᠪᠤᠷᠢ ᠶᠢᠨ ᠰᠢᠰᠲ᠋ᠧᠮ ᠤᠨ ᠬᠠᠮᠠᠭᠠᠯᠠᠯᠲᠠ᠂ ᠬᠢᠨᠠᠨ ᠡᠵᠡᠮᠳᠡᠨ ᠵᠢᠵᠢᠭᠦᠷᠯᠡᠬᠦ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠵᠡᠷᠭᠡ ᠶᠢ ᠨᠠᠷᠢᠨ ᠣᠶᠢᠯᠠᠭᠠᠨ᠂ ᠰᠤᠷᠭᠠᠭᠤᠯᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠯᠭᠠᠯᠲᠠ ᠳᠤ ᠪᠡᠯᠡᠳᠬᠡᠬᠦ ᠠᠵᠢᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠳᠠᠬᠢᠨ ᠪᠠᠶᠢᠴᠠᠭᠠᠯᠲᠠ ᠬᠢᠵᠦ᠂ ᠳᠠᠬᠢᠨ ᠨᠠᠷᠢᠯᠢᠭᠵᠢᠭᠤᠯᠵᠤ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠥᠬᠦ ᠲᠠᠯ᠎ᠠ ᠪᠠᠷ ᠪᠠᠶᠢᠴᠠᠭᠠᠨ ᠠᠷᠢᠯᠭᠠᠵᠤ᠂ ᠪᠡᠯᠡᠳᠬᠡᠯ ᠠᠵᠢᠯ ᠢ ᠦᠨᠡᠨ ᠬᠦ ᠭᠦᠨᠵᠡᠭᠡᠢ ᠪᠣᠳᠠᠲᠠᠢ ᠨᠠᠷᠢᠯᠢᠭ ᠬᠢᠵᠦ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ᠂ ᠠᠯᠳᠠᠭ᠎ᠠ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠰᠤ᠋ ᡁᠢ ᠰᠢᠶᠦ᠋ᠡᠭ ᠬᠡᠯᠡᠬᠦ ᠳᠡᠭᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠪᠠ ᠥᠷᠭᠡᠨ ᠣᠯᠠᠨ ᠰᠤᠷᠤᠭᠴᠢᠳ ᠤᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠬᠡᠨ ᠲᠠᠲᠠᠵᠤ ᠪᠠᠶᠢᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠨᠢᠮᠪᠠᠢ ᠵᠣᠬᠢᠶᠠᠨ ᠪᠠᠶᠢᠭᠤᠯᠵᠤ᠂ ᠨᠢᠭᠲᠠ  ᠲᠣᠬᠢᠷᠠᠭᠤᠯᠤᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠠᠮᠤᠷ ᠲᠦᠪᠰᠢᠨ᠂ ᠢᠯᠡ ᠲᠣᠳᠣ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠂ ᠰᠢᠯᠭᠠᠭᠤᠯᠤᠭᠰᠠᠳ᠂ ᠭᠡᠷ ᠤᠨ ᠠᠬᠠᠮᠠᠳ ᠪᠣᠯᠣᠨ ᠨᠡᠶᠢᠭᠡᠮ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠰᠢᠯᠭᠠᠭᠤᠯᠤᠭᠴᠢ᠂ ᠰᠢᠯᠭᠠᠯᠲᠠ ᠶᠢᠨ ᠶᠠᠪᠤᠳᠠᠯ ᠤᠨ ᠠᠵᠢᠯᠲᠠᠨ᠂ ᠠᠵᠢᠯᠲᠠᠨ ᠤ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠨ᠂  ᠠᠷᠠᠳ ᠤᠨ ᠠᠭᠠᠷ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠰᠢᠯᠭᠠᠯᠲᠠ ᠶᠢᠨ ᠴᠡᠭ ᠰᠢᠯᠭᠠᠯᠲᠠ ᠶᠢᠨ ᠲᠠᠯᠠᠪᠤᠷ ᠲᠤ ᠣᠷᠣᠬᠤ ᠪᠣᠭᠤᠮᠲᠠ ᠶᠢ ᠴᠢᠩᠭ᠎ᠠ ᠰᠠᠬᠢᠨ᠂ ᠰᠢᠯᠭᠠᠯᠲᠠ ᠶᠢᠨ ᠰᠡᠳᠦᠪ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠪᠠ ᠨᠢᠭᠤᠴᠠ ᠶᠢ ᠴᠢᠩᠭ᠎ᠠ ᠬᠠᠮᠠᠭᠠᠯᠠᠵᠤ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠡᠷᠡᠰ ᠴᠢᠩᠭ᠎ᠠ ᠴᠢᠨᠠᠷ ᠬᠢᠭᠡᠳ ᠲᠥᠪ ᠭᠤᠣᠯᠴᠢ ᠴᠢᠨᠠᠷ ᠢ ᠡᠷᠡᠰ ᠬᠠᠮᠠᠭᠠᠯᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠢ ᠨᠠᠶᠢᠳᠠᠪᠤᠷᠢᠵᠢᠭᠤᠯᠤᠨ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠦᠨ᠂ ᠵᠠᠮ  ᠬᠠᠷᠢᠯᠴᠠᠭ᠎ᠠ ᠶᠢ ᠬᠠᠮᠢᠶᠠᠷᠬᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ᠂ ᠦᠢᠮᠡᠭᠡᠨ ᠱᠤᠤᠭᠢᠶᠠᠨ ᠢ ᠵᠠᠰᠠᠬᠤ᠂ ᠬᠤᠭᠤᠯᠠ ᠬᠤᠨᠤᠭ ᠤᠨ ᠠᠮᠤᠷ ᠲᠦᠪᠰᠢᠨ ᠢ ᠪᠠᠲᠤᠯᠠᠬᠤ᠂ ᠰᠡᠳᠬᠢᠴᠡ ᠶᠢᠨ ᠵᠢᠯᠣᠭᠤᠳᠤᠯᠭ᠎ᠠ ᠬᠢᠬᠦ᠂ ᠰᠣᠶᠣᠯ ᠢᠷᠭᠡᠨᠰᠢᠯ ᠤᠨ ᠬᠠᠯᠠᠮᠵᠢᠯᠠᠯ ᠬᠠᠩᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠥᠷᠭᠡᠨ ᠤᠯᠠᠨ ᠰᠢᠯᠭᠠᠭᠤᠯᠤᠭᠴᠢ ᠳᠤ ᠠᠮᠤᠷ ᠲᠦᠪᠰᠢᠨ᠂ ᠲᠠᠭᠠᠯᠠᠮᠵᠢᠲᠠᠢ ᠰᠢᠯᠭᠠᠯᠲᠠ ᠶᠢᠨ ᠣᠷᠴᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ