ᠭᠤᠤ ᠬᠤᠸᠠᠢ ᠵᠢᠩ ᠪᠦᠯᠬᠦᠮ ᠳᠠᠭᠠᠭᠤᠯᠤᠨ ᠪᠡᠭᠡᠵᠢᠩ᠂ ᠬᠠᠩᠵᠧᠦ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠪᠠ
ᠨᠡᠶᠢᠲᠡᠯᠡᠭᠰᠡᠨ ᠴᠠᠭ᠄
2024/7/1
      6 ᠳ᠋ᠤᠭᠠᠷ ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠪᠦᠯᠬᠦᠮ ᠳᠠᠭᠠᠭᠤᠯᠤᠨ ᠪᠡᠭᠡᠵᠢᠩ᠂ ᠬᠠᠩᠵᠧᠦ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠂ ᠴᠢᠨᠠᠷ ᠰᠠᠶᠢᠲᠠᠢ ᠠᠵᠤ ᠠᠬᠤᠶᠢᠯᠠᠯ ᠢᠶᠠᠷ ᠲᠣᠭᠤᠷᠢᠵᠤ ᠪᠠᠶᠢᠳᠠᠯ ᠢ ᠣᠶᠢᠯᠠᠭᠠᠨ᠂ ᠪᠣᠳᠠᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠨᠠᠩ ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠣᠲᠤᠭ ᠬᠤᠰᠢᠭᠤᠨ ᠳᠤ ᠣᠷᠣᠭᠤᠯᠵᠤ ᠠᠪᠴᠢᠷᠠᠬᠤ ᠪᠠᠷ ᠴᠢᠷᠮᠠᠶᠢᠭᠰᠠᠨ ᠪᠠᠶᠢᠨ᠎ᠠ᠃
1.jpg
           ᠳᠤᠮᠳᠠᠳᠤ ᠤᠯᠤᠰ ᠤᠨ ᠬᠢᠮᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯ ᠳᠤᠮᠳᠠᠳᠤ ᠤᠯᠤᠰ ᠤᠨ ᠬᠢᠮᠢ ᠶᠢᠨ ᠢᠨᠵᠧᠨᠧᠷᠢᠩ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠡᠵᠡᠮᠳᠡᠭᠰᠡᠨ ᠠᠵᠦ ᠠᠬᠤᠶᠢᠯᠠᠯ ᠪᠣᠯᠣᠨ᠎ᠠ᠃ ᠭᠤᠤ ᠬᠤᠸᠠᠢ ᠵᠢᠩ ᠪᠦᠯᠦᠭᠯᠡᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠦᠩ ᠶᠦᠩ ᠲᠠᠢ ᠭᠦᠨᠵᠡᠭᠡᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠡᠭᠡᠨ᠂ ᠣᠳᠣᠬᠠᠨ ᠳᠤ᠂ ᠣᠲᠤᠭ ᠬᠤᠰᠢᠭᠤ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠨᠥᠬᠦᠪᠦᠷᠢᠯᠡᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠢᠳᠡᠪᠬᠢᠲᠡᠢ  ᠠᠬᠢᠭᠤᠯᠤᠨ᠂ ᠰᠢᠨ᠎ᠡ ᠡᠨᠧᠷᠭᠢ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠬᠢᠮᠢ ᠶᠢᠨ ᠢᠨᠵᠧᠨᠧᠷᠢᠩ ᠤᠨ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠨᠢ ᠤᠲᠤᠭ ᠬᠤᠰᠢᠭᠤᠨ ᠤ ᠡᠬᠢ ᠪᠠᠶᠠᠯᠢᠭ ᠬᠢᠭᠡᠳ ᠬᠥᠭᠵᠢᠯᠲᠡ ᠶᠢᠨ ᠲᠥᠯᠦᠪᠵᠢᠭᠦᠯᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠣᠢ᠂ ᠤᠲᠤᠭ ᠬᠤᠰᠢᠭᠤ ᠡᠯ᠎ᠡ ᠲᠠᠯ᠎ᠠ ᠶᠢᠨ ᠬᠢᠨ ᠲᠠᠢ ᠦᠷᠭᠦᠯᠵᠢᠯᠡᠨ ᠬᠠᠷᠢᠯᠴᠠᠵᠤ᠂ ᠬᠠᠮᠲᠤᠷᠠᠯᠴᠠᠭ᠎ᠠ ᠪᠠᠨ ᠴᠢᠨᠠᠷ ᠰᠠᠶᠢᠲᠠᠢ ᠠᠬᠢᠭᠤᠯᠤᠨ᠂ ᠪᠣᠬᠢᠷᠲᠤᠯ ᠦᠭᠡᠢ ᠮᠧᠲ᠋ᠢᠯ ᠠᠯᠺᠣᠣᠯ ᠤᠨ ᠰᠢᠨ᠎ᠡ ᠡᠨᠧᠷᠭᠢ ᠶᠢ ᠰᠤᠳᠤᠯᠤᠨ ᠨᠡᠭᠡᠭᠡᠬᠦ᠂ ᠰᠠᠯᠬᠢ ᠭᠡᠷᠡᠯ ᠤᠰᠤᠲᠥ᠋ᠷᠥᠭᠴᠢ ᠶᠢᠨ ᠡᠨᠧᠷᠭᠢ ᠵᠢᠴᠢ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠶᠢᠷᠢᠰᠢᠭᠤᠯᠤᠯᠲᠠ ᠶᠢ ᠥᠨᠳᠥᠷ ᠪᠦᠲᠦᠮᠵᠢᠲᠡᠢ ᠪᠡᠶᠡᠯᠡᠭᠦᠯᠵᠦ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠬᠠᠭᠤᠳᠠᠰᠤ ᠶᠢ ᠬᠠᠮᠲᠤᠪᠠᠷ ᠪᠢᠴᠢᠭᠯᠡᠨ᠎ᠡ ᠭᠡᠪᠡ᠃ ᠵᠦᠩ ᠶᠦᠩ᠂ ᠤᠲᠤᠭ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ᠂ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠂ ᠠᠵᠤ ᠠᠬᠤᠶᠢᠯᠠᠯ ᠤᠨ ᠬᠢᠨ ᠲᠥᠯᠦᠪᠵᠢᠭᠦᠯᠭᠡ ᠪᠠᠶᠢᠷᠢᠰᠢᠭᠤᠯᠤᠯᠲᠠ ᠲᠠᠢ ᠪᠠᠨ ᠤᠶᠠᠯᠳᠤᠭᠤᠯᠤᠨ᠂ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠲᠦᠷᠭᠡᠨ ᠠᠬᠢᠭᠤᠯᠵᠤ᠂ ᠡᠷᠲᠡᠬᠡᠨ ᠣᠯᠠᠨ ᠠᠷᠪᠢᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃      ᠭᠤᠤ ᠬᠤᠸᠠᠢ ᠵᠢᠩ ᠪᠠᠰᠠ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ  ᠳ᠋ᠧ ᠬᠤᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
2.jpg
           ᠫᠦ᠋ ᠯᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠪᠣᠯ ᠲᠤᠰᠬᠠᠶᠢᠯᠠᠨ ᠡᠮ ᠤᠨ ᠵᠦᠢᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠃ ᠭᠤᠤ ᠬᠤᠸᠠᠢ ᠵᠢᠩ ᠪᠣᠯᠣᠨ ᠵᠧᠵᠢᠶᠠᠩ ᠶᠡᠭᠡ ᠰᠤᠷᠭᠠᠭᠤᠯᠢ ᠶᠢᠨ ᠵᠧᠦ ᠮᠢᠠ ᠫᠷᠦᠹᠧᠰᠰᠤᠷ ᠤᠨ ᠪᠦᠯᠬᠦᠮ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠪᠦᠷᠢᠯᠡᠯ ᠡᠵᠡᠩᠨᠡᠯᠲᠡ᠂ ᠲᠤᠬᠠᠶᠢᠯᠠᠭᠰᠠᠨ ᠠᠵᠢᠯ ᠤᠨ ᠥᠷᠭᠡᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠲᠤᠭ ᠬᠤᠰᠢᠭᠤᠨ ᠤ ᠣᠷᠢᠶᠠᠮᠠᠭ ᠵᠠᠮᠠᠭ ᠤᠨ ᠠᠵᠤ ᠦᠢᠯᠡᠰ ᠤᠨ ᠬᠥᠭᠵᠢᠯᠲᠡ ᠵᠢᠴᠢ ᠬᠠᠮᠢᠶ᠎ᠠ ᠪᠦᠬᠦᠢ ᠮᠡᠷᠭᠡᠵᠢᠯ ᠢ ᠰᠤᠳᠤᠯᠤᠨ ᠨᠡᠭᠡᠭᠡᠭᠰᠡᠨ ᠪᠠᠶᠢᠳᠠᠯ ᠢ ᠲᠠᠨᠢᠯᠴᠠᠭᠤᠯᠪᠠ᠃ ᠭᠤᠸ ᠬᠤᠸᠠᠢ ᠵᠢᠩ ᠬᠡᠯᠡᠬᠦ ᠳᠡᠭᠡᠨ᠂ ᠣᠲᠤᠭ ᠬᠤᠰᠢᠭᠤᠨ ᠤ ᠣᠷᠢᠶᠠᠮᠠᠭ ᠵᠠᠮᠠᠭ ᠤᠨ ᠭᠠᠷᠤᠯᠲᠠ ᠨᠢ ᠪᠥᠬᠦ ᠳᠡᠯᠡᠬᠡᠢ ᠶᠢᠨ ᠭᠠᠷᠤᠯᠲᠠ ᠶᠢᠨ 50% ᠠᠴᠠ ᠳᠡᠭᠡᠭᠰᠢᠬᠢ ᠶᠢ ᠡᠵᠡᠯᠡᠵᠦ᠂ ᠨᠡᠷ᠎ᠡ ᠨᠢᠳᠡᠷ ᠲᠡᠭᠡᠨ ᠨᠡᠶᠢᠴᠡᠭᠰᠡᠨ ︽ᠳᠡᠯᠡᠬᠡᠢ ᠶᠢᠨ ᠵᠠᠮᠠᠭ ᠤᠨ ᠲᠥᠪ︾ ᠪᠣᠯᠣᠨ᠎ᠠ᠃ ᠬᠤᠶᠠᠷ ᠲᠠᠯ᠎ᠠ ᠪᠠᠷ ᠢᠶᠠᠨ ᠣᠷᠢᠶᠠᠮᠠᠭ ᠵᠠᠮᠠᠭ ᠢ ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠣᠷᠢᠶᠠᠮᠠᠭ ᠵᠠᠮᠠᠭ ᠤᠨ ᠳᠡᠭᠡᠳᠦ ᠲᠡᠰᠵᠢᠯᠲᠡ᠂ ᠠᠵᠤ ᠦᠢᠯᠡᠰᠵᠢᠯᠲᠡ ᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠭᠡᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠬᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠭᠥᠷᠳᠡᠬᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃
3.jpg     
           ᠭᠤᠤ ᠬᠤᠸᠠᠢ ᠵᠢᠩ ᠵᠧᠵᠢᠶᠠᠩ ᠶᠡᠭᠡ ᠰᠤᠷᠭᠠᠭᠤᠯᠢ ᠶᠢᠨ ᠬᠠᠶᠢᠨᠢᠩ ᠤᠯᠠᠨ ᠤᠯᠤᠰ ᠤᠨ ᠰᠤᠷᠭᠠᠭᠤᠯᠢ ᠶᠢᠨ ᠲᠣᠭᠤᠷᠢᠭ ᠲᠤ ᠬᠦᠷᠴᠦ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠯᠢ ᡁᠢ ᠴᠧᠩ ᠲᠠᠢ ᠬᠠᠮᠲᠤ ᠪᠠᠷ ︽ᠵᠧᠵᠢᠶᠠᠩ ᠶᠡᠭᠡ ᠰᠤᠷᠭᠠᠭᠤᠯᠢ ᠶᠢᠨ ᠣᠷᠳᠣᠰ ᠬᠤᠳᠠ ᠶᠢᠨ ᠤᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ︾ ᠤᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠭᠰᠠᠨ ᠪᠥᠭᠡᠳ ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠣᠷᠢᠶᠠᠮᠠᠭ ᠵᠠᠮᠠᠭ ᠤᠨ ᠵᠠᠬ᠎ᠠ ᠳᠡᠯᠭᠡᠭᠦᠷ ᠢ ᠥᠷᠭᠡᠳᠬᠡᠬᠦ᠂ ᠬᠥᠭᠵᠢᠯᠲᠡ ᠶᠢ ᠲᠥᠯᠥᠪᠵᠢᠬᠦᠯᠬᠦ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠭᠤᠸ ᠬᠤᠸᠠᠢ ᠵᠢᠩ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠣᠲᠤᠭ ᠬᠤᠰᠢᠭᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠪᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠪᠣᠳᠠᠰ ᠤᠨ ᠪᠠ ᠪᠣᠳᠠᠰ ᠤᠨ ᠪᠤᠰᠤ ᠣᠷᠴᠢᠨ ᠢ ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠳᠡᠭᠡᠷ᠎ᠡ ᠮᠠᠰᠢ ᠶᠡᠭᠡ ᠬᠦᠴᠦ  ᠣᠷᠣᠭᠤᠯᠵᠠᠢ᠃ ᠬᠠᠮᠲᠤᠷᠠᠭᠰᠠᠨ ᠰᠤᠳᠤᠯᠭᠠᠨ ᠤ ᠲᠥᠪ ᠢ ᠵᠢᠩᠬᠢᠨᠢ ᠪᠠᠷ ᠡᠬᠢᠯᠡᠭᠦᠯᠦᠭᠰᠡᠨ  ᠨᠢ ᠰᠢᠨ᠎ᠡ ᠶᠢ ᠡᠭᠦᠳᠬᠦ ᠪᠣᠯᠣᠨ ᠣᠷᠣᠨ ᠨᠤᠲᠤᠭ ᠤᠨ ᠬᠥᠭᠵᠢᠯᠲᠡ ᠶᠢ ᠬᠤᠯᠪᠣᠬᠤ ᠬᠥᠭᠦᠷᠭᠡ ᠶᠢ ᠪᠦᠬᠦ ᠲᠠᠯ᠎ᠠ ᠪᠠᠷ ᠪᠣᠰᠬᠠᠵᠤ᠂ ︽ᠬᠤᠣᠰ ᠴᠢᠭᠯᠡᠯ ᠢᠶᠠᠷ ᠬᠦᠴᠦᠯᠡᠬᠦ︾ ᠪᠠᠷ ᠳᠠᠮᠵᠢᠭᠤᠯᠤᠨ᠂ ᠴᠢᠳᠠᠪᠤᠷᠢᠲᠠᠨ᠂ ᠮᠡᠷᠭᠡᠵᠢᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠤᠨ ᠰᠢᠯᠵᠢᠯᠲᠡ ᠶᠢ ᠲᠦᠷᠭᠡᠳᠬᠡᠬᠦ ᠪᠣᠯᠣᠨ᠎ᠠ᠃ ᠰᠤᠳᠤᠯᠭᠠᠨ ᠤ ᠲᠥᠪ ᠮᠥᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠵᠧᠵᠢᠶᠠᠩ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ᠂ ᠡᠮ ᠤᠨ ᠤᠬᠠᠭᠠᠨ᠂ ᠠᠮᠢᠳᠤ ᠪᠣᠳᠠᠰ ᠤᠨ ᠤᠬᠠᠭᠠᠨ᠂ ᠠᠮᠢᠲᠠᠨ ᠤ ᠰᠢᠨᠵᠢᠯᠡᠬᠦ ᠤᠬᠠᠭᠠᠨ᠂ ᠢᠳᠡᠭᠡᠨ ᠤ ᠤᠬᠠᠭᠠᠨ᠂ ᠬᠢᠮᠢ᠂ ᠮᠠᠲ᠋ᠧᠷᠢᠶᠠᠯ ᠤᠨ ᠤᠬᠠᠭᠠᠨ ᠵᠡᠷᠭᠡ ᠬᠤᠣᠰ ᠲᠡᠷᠢᠭᠦᠨ ᠳᠡᠰ ᠤᠨ ᠰᠢᠨᠵᠢᠯᠡᠭᠡᠨ ᠤ ᠰᠠᠯᠠᠭ᠎ᠠ ᠵᠢᠴᠢ ᠳᠡᠭᠡᠳᠦ  ᠥᠨᠳᠥᠷ ᠡᠨᠧᠷᠭᠢ ᠶᠢᠨ ᠲᠠᠪᠴᠠᠩ ᠳᠤ ᠲᠦᠰᠢᠭᠯᠡᠨ᠂ ᠠᠮᠢᠳᠤ ᠪᠣᠳᠠᠰ ᠤᠨ ᠡᠮ ᠡᠮᠨᠡᠯᠭᠡ ᠶᠢᠨ ᠬᠦᠷᠢᠶᠡᠨ ᠤ ᠬᠤᠰᠢᠭᠤᠴᠢ ᠰᠢᠨᠵᠢᠯᠡᠭᠡᠨ ᠤ ᠰᠤᠳᠤᠯᠭᠠᠨ ᠢ ᠥᠷᠨᠢᠭᠦᠯᠵᠦ᠂ ᠣᠷᠢᠶᠠᠮᠠᠭ ᠵᠠᠮᠠᠭ ᠤᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠭᠰᠠᠨ ᠠᠮᠢ ᠨᠠᠰᠤᠨ ᠤ ᠡᠷᠡᠭᠦᠯ ᠮᠡᠨᠳᠦ ᠶᠢᠨ ᠬᠦᠷᠢᠶᠡᠨ ᠳᠠᠬᠢ ᠠᠵᠤ ᠦᠢᠯᠡᠰ ᠤᠨ ᠬᠤᠪᠢᠰᠤᠯᠲᠠ ᠶᠢ ᠭᠤᠣᠯᠳᠠᠯᠭ᠎ᠠ ᠲᠠᠢ ᠬᠥᠲᠥᠯᠥᠨ ᠵᠢᠯᠤᠭᠤᠳᠴᠤ᠂  ᠡᠭᠦᠳᠦᠯᠲᠡ ᠶᠢᠨ ᠴᠢᠨᠠᠷᠲᠠᠢ ᠮᠡᠷᠭᠡᠵᠢᠯ ᠢᠶᠠᠷ ᠬᠥᠮᠥᠨ ᠲᠥᠷᠥᠯᠬᠢᠲᠡᠨ ᠤ ᠡᠷᠡᠭᠦᠯ ᠮᠡᠨᠳᠦ ᠳᠤ ᠰᠢᠨ᠎ᠡ ᠰᠢᠢᠳᠪᠦᠷᠢᠯᠡᠬᠦ ᠲᠥᠰᠥᠯ ᠢ ᠬᠠᠩᠭᠠᠨ᠎ᠠ᠃ ᠤᠲᠤᠭ ᠬᠤᠰᠢᠭᠤ ᠠᠮᠠᠯᠠᠯᠲᠠ ᠪᠠᠨ ᠢᠲᠡᠭᠡᠯ ᠲᠠᠢ ᠭᠦᠢᠴᠡᠳᠬᠡᠵᠦ᠂ ᠴᠢᠳᠠᠪᠤᠷᠢᠲᠠᠨ ᠤ ᠳᠡᠮᠵᠢᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠲᠤᠯᠠᠭ᠎ᠠ ᠵᠡᠷᠭᠡ ᠤᠯᠠᠨ ᠲᠠᠯ᠎ᠠ ᠪᠠᠷ ᠭᠦᠢᠴᠡᠳ ᠳᠡᠮᠵᠢᠯᠭᠡ ᠦᠵᠡᠭᠦᠯᠦᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠠᠰᠢᠭ ᠬᠦᠷᠲᠡᠬᠦ ᠰᠢᠨ᠎ᠡ ᠠᠶᠠᠨ ᠢᠶᠠᠨ ᠡᠬᠢᠯᠡᠭᠦᠯᠦᠨ᠎ᠡ ᠭᠡᠪᠡ᠃      ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠭᠤᠴᠠᠭᠠᠨ ᠳᠤ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠱᠧᠨ᠋ᠵᠧᠨ ᠤ ᠠᠭᠠᠷ ᠤᠨ ᠠᠶᠠᠯᠠᠯ  ᠤᠰᠤᠲᠥ᠋ᠷᠥᠭᠴᠢ ᠠᠯᠺᠣᠣᠯ ᠡᠨᠧᠷᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠬᠢᠮᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠰᠠᠨᠰᠠᠷ ᠤᠨ ᠠᠶᠠᠯᠠᠯ ᠤᠨ ᠠᠨ ᠬᠤᠸᠠ ︵ᠱᠧᠨ᠋ᠵᠧᠨ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ᠭᠤᠤ ᠬᠤᠸᠠᠢ ᠵᠢᠩ ᠪᠠᠰᠠ ᠵᠧᠵᠢᠶᠠᠩ ᠤᠨ ᠴᠢᠦᠢ ᠵᠧᠦ ᠶᠢᠨ ᠫᠧᠩ ᠬᠤᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠠᠵᠢᠯ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠮᠠ ᠽᠢ ᠳ᠋ᠦᠩ᠂ ᠭᠤᠸ ᡁᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠪᠠ᠃   
ᠢᠷᠡᠯᠲᠡ᠄ ᠣᠲᠤᠭ ᠨᠡᠶᠢᠲᠡᠯᠡᠯ