ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/10
     ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ      ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ ᠢ ᠳᠠᠷᠤᠮᠠᠯᠯᠠᠨ      ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                  ᠣᠲᠤᠭ ᠵᠠᠰᠠᠭ ᠠᠯᠪᠠᠨ ᠲᠠᠷᠬᠠᠭᠠᠭᠰᠠᠨ  ﹇2024﹈ 46 ᠳ᠋ᠤᠭᠠᠷ ᠲᠣᠭᠠᠲᠤᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠳᠤ᠄       ︽ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃                                                                                     ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2024 ᠣᠨ ᠤ 7 ᠳ᠋ᠤᠭᠠᠷ ᠰᠠᠷ᠎ᠠ ᠶᠢᠨ 4 ᠤ ᠡᠳᠦᠷ    ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ           ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ         ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠲᠦᠪᠰᠢᠨ ᠢ ᠤᠯᠠᠮ ᠳᠡᠭᠡᠭᠰᠢᠯᠡᠭᠦᠯᠵᠦ᠂ ᠡᠯ᠎ᠡ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠴᠢᠳᠠᠪᠬᠢ ᠶᠢ ᠴᠢᠩᠭᠠᠳᠬᠠᠨ᠂ ᠲᠣᠭᠲᠠᠮᠠᠯ ᠬᠥᠷᠥᠩᠭᠡ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠨ ᠬᠠᠮᠢᠶᠠᠷᠤᠯᠲᠠ ᠶᠢ ᠪᠡᠶᠡᠯᠡᠭᠦᠯᠵᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠪᠦᠷᠢᠨᠰᠢᠭᠦᠯᠣᠨ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠤᠶᠠᠯᠳᠤᠯ ᠢ ᠠᠬᠢᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠡ᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾ ︵ᠡᠳ᠋ ᠬᠥᠷᠥᠩᠭᠡ ﹇2016﹈ 1 ᠳ᠋ᠦ᠋ᠭᠡᠷ ᠲᠣᠭᠠᠲᠤ︶᠂ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠷᠥᠩᠭᠡ ﹇2020﹈ 97 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠵᠠᠷᠯᠢᠭ 257 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠳᠤ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠬᠥᠷᠥᠩᠭᠡ ﹇2017﹈ 738 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠣᠷᠳᠣᠰ ᠵᠠᠰᠠᠭ ᠲᠠᠷᠬᠠᠭᠠᠭᠰᠠᠨ ﹇2023﹈ 72 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠬᠤᠶᠠᠳᠤᠭᠠᠷ ᠬᠤᠷᠠᠯ ᠤᠨ ︽ᠣᠲᠤᠭ ᠬᠤᠰᠢᠭᠤᠨ ᠤ 2022 ᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾ ︵ᠣᠲᠤᠭ ᠠᠷᠠᠳ ᠪᠠᠶᠢᠩᠭᠤ ᠲᠠᠷᠬᠠᠭᠠᠭᠰᠠᠨ ﹇2023﹈ 29 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠠᠷ ᠳᠣᠣᠷᠠᠬᠢ ᠮᠡᠲᠦ ᠠᠵᠢᠯ ᠤᠨ ᠲᠥᠰᠥᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ       ︵ᠨᠢᠭᠡ︶ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠣᠭᠤᠰᠢᠯᠭᠤᠯᠵᠤ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠣᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠣᠯᠡᠵᠣ ᠠᠬᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠦᠷᠢᠯᠳᠦᠭᠦᠯᠵᠦ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠶ ᠪᠣᠯᠭᠠᠨ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠨ ᠵᠢᠷᠤᠮᠵᠢᠭᠤᠯᠵᠤ᠂ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠳᠦᠷᠢᠮᠵᠢᠯᠲᠡ᠂ ᠵᠢᠷᠤᠮᠵᠢᠯᠲᠠ᠂ ᠳᠡᠰ ᠳᠠᠷᠠᠭᠠᠵᠢᠯᠳᠡ ᠶᠢ ᠠᠬᠢᠭᠤᠯᠤᠨ᠂ ᠡᠳ᠋ ᠬᠥᠷᠥᠩᠭᠡ ᠶᠢᠨ ᠬᠠᠮᠢᠶᠠᠷᠤᠯᠲᠠ ᠪᠣᠯᠣᠨ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠤᠶᠠᠯᠳᠤᠭᠤᠯᠵᠤ᠂ ᠲᠠᠩᠰᠠ ᠪᠠ ᠪᠣᠳᠠᠲᠤ ᠪᠣᠳᠠᠰ ᠨᠢ ᠨᠡᠶᠢᠴᠡᠬᠦ᠂ ᠲᠠᠩᠰᠠ ᠪᠠ ᠺᠠᠷᠲ ᠨᠢ ᠨᠡᠶᠢᠴᠡᠬᠦ᠂ ᠲᠠᠩᠰᠠ ᠪᠠ ᠲᠠᠩᠰᠠ ᠨᠢ ᠨᠡᠶᠢᠴᠡᠬᠦ ᠶᠢ ᠪᠡᠶᠡᠯᠡᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠬᠠᠮᠠᠭᠠᠯᠠᠵᠤ᠂ ᠮᠠᠨ ᠤ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠴᠢᠯᠦᠭᠡᠲᠡᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠯᠪᠠᠨ ᠪᠠᠶᠢᠭᠤᠯᠭ᠎ᠠ ᠶᠢᠨ ᠡᠷᠭᠢᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ       ︽ᠲᠥᠷᠥ ᠶᠢᠨ ᠪᠣᠳᠣᠯᠭ᠎ᠠ ᠶᠢ ᠨᠢᠭᠡᠳᠦᠭᠦᠯᠬᠦ᠂ ᠠᠷᠭ᠎ᠠ ᠪᠠᠷᠢᠯ ᠢ ᠨᠢᠭᠡᠳᠦᠭᠦᠯᠬᠦ᠂ ᠠᠯᠬᠤᠮ ᠳᠠᠷᠠᠭ᠎ᠠ ᠶᠢ ᠨᠢᠭᠡᠳᠦᠭᠦᠯᠬᠦ᠂ ᠱᠠᠭᠠᠷᠳᠠᠯᠭ᠎ᠠ ᠶᠢ ᠨᠢᠭᠡᠳᠦᠭᠦᠯᠬᠦ︾ ᠵᠠᠷᠴᠢᠮ ᠶᠣᠰᠣᠭᠠᠷ᠂ ᠪᠥᠬᠦ ᠬᠤᠰᠢᠭᠤᠨ ᠳᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠨ ᠬᠠᠮᠢᠶᠠᠷᠬᠤ ᠠᠵᠢᠯ ︵ᠳᠣᠷᠣᠭᠰᠢ ︽ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ︾ ᠭᠡᠵᠦ ᠲᠣᠪᠴᠢᠯᠠᠨ᠎ᠠ︶ ᠢ ᠥᠷᠨᠢᠭᠦᠯᠦᠨ᠎ᠡ᠃       ⒈ ᠡᠳ᠋ ᠬᠥᠷᠥᠩᠭᠡ ᠶᠢ ᠲᠡᠮᠳᠡᠭᠴᠢᠯᠡᠨ ᠬᠠᠮᠢᠶᠠᠷᠤᠨ᠎ᠠ᠃ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠳᠤ ᠲᠦᠰᠢᠭᠯᠡᠨ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠪᠣᠳᠠᠲᠤ ᠡᠳ᠋ ᠬᠥᠷᠥᠩᠭᠡ ᠨᠢᠭᠡᠪᠦᠷᠢ ᠳᠤ ᠴᠣᠷ ᠤᠨ ᠭᠠᠭᠴᠠ ᠵᠢᠷᠤᠭᠠᠰᠤᠨ ᠺᠣᠳ᠋ ︵ᠪᠤᠶᠤ ᠬᠤᠶᠠᠷ ᠬᠡᠮᠵᠢᠯᠲᠦ ᠺᠣᠳ᠋︶ ᠤᠨ ᠱᠣᠰᠢᠭ᠎ᠠ ᠲᠡᠮᠳᠡᠭ ᠨᠠᠭᠠᠵᠤ᠂ ᠲᠣᠭᠲᠠᠮᠠᠯ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠠᠴᠠ ᠰᠢᠢᠳᠪᠦᠷᠢᠯᠡᠬᠦ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠨ ᠬᠠᠮᠢᠶᠠᠷᠤᠯᠲᠠ ᠶᠢ ᠪᠡᠶᠡᠯᠡᠭᠦᠯᠦᠨ᠂ ᠲᠣᠭᠲᠠᠮᠠᠯ ᠬᠥᠷᠥᠩᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠥᠨᠳᠥᠷ ᠪᠦᠲᠦᠮᠵᠢᠲᠡᠶ ᠪᠠᠷ ᠬᠡᠷᠡᠭᠯᠡᠬᠦ ᠪᠠ ᠵᠢᠷᠤᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃       ⒉ᠡᠳ᠋ ᠬᠥᠷᠥᠩᠭᠡ ᠶᠢᠨ ᠪᠠᠶᠢᠳᠠᠯ ᠢ ᠲᠣᠳᠣᠷᠬᠠᠢ ᠣᠶᠢᠯᠠᠭᠠᠨ᠎ᠠ᠃ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠳᠤ ᠲᠦᠰᠢᠭᠯᠡᠨ᠂ ᠨᠢᠭᠡᠴᠢ ᠶᠢᠨ ᠦᠨᠳᠦᠰᠦᠨ ᠪᠠᠶᠢᠳᠠᠯ᠂ ᠲᠣᠭᠲᠠᠮᠠᠯ ᠬᠥᠷᠥᠩᠭᠡ ᠶᠢᠨ ᠪᠠᠶᠢᠳᠠᠯ ᠢ ᠪᠦᠭᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠲᠣᠭᠲᠠᠮᠠᠯ ᠬᠥᠷᠥᠩᠭᠡ ᠶᠢᠨ ᠪᠠᠶᠢᠳᠠᠯ ᠢ ᠦᠨᠡᠨ ᠪᠣᠳᠠᠲᠠᠢ᠂ ᠪᠦᠷᠢᠨ ᠪᠦᠲᠦᠨ᠂ ᠰᠢᠰᠲ᠋ᠧᠮ ᠲᠠᠢ ᠪᠠᠷ ᠲᠤᠰᠬᠠᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠣᠭᠲᠠᠮᠠᠯ ᠬᠥᠷᠥᠩᠭᠡ ᠶᠢ ᠪᠦᠷᠢᠳᠬᠡᠭᠰᠡᠨ ᠣᠯᠵᠠᠪᠤᠷᠢ᠂ ᠠᠯᠳᠠᠭᠳᠠᠯ ᠤᠨ ᠪᠠᠶᠢᠳᠠᠯ ᠢ ᠵᠠᠳᠠᠯᠬᠤ ᠶᠢᠨ ᠬᠠᠮᠲᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠦᠨᠡᠨ ᠮᠥᠨ ᠢᠶᠠᠷ ᠨᠢ ᠨᠠᠶᠢᠷᠠᠭᠤᠯᠤᠨ ᠮᠡᠳᠡᠭᠦᠯᠦᠨ᠎ᠡ᠃ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠡᠳ᠋ ᠬᠥᠷᠥᠩᠭᠡ ᠶᠢᠨ ᠲᠠᠩᠰᠠᠨ ᠳᠤ ᠲᠣᠬᠢᠷᠠᠭᠤᠯᠤᠯᠲᠠ ᠬᠢᠬᠦ ᠳᠤ ᠰᠠᠭᠤᠷᠢ ᠲᠠᠯᠪᠢᠵᠤ᠂ ᠲᠣᠭᠲᠠᠮᠠᠯ ᠬᠥᠷᠥᠩᠭᠡ ᠶᠢᠨ ᠳᠠᠩᠰᠠ ᠪᠠ ᠪᠣᠳᠠᠲᠤ ᠪᠣᠳᠠᠰ ᠨᠢ ᠨᠡᠶᠢᠴᠡᠬᠦ᠂ ᠳᠠᠩᠰᠠ ᠪᠠ ᠺᠠᠷᠲ ᠨᠢ ᠨᠡᠶᠢᠴᠡᠬᠦ᠂ ᠳᠠᠩᠰᠠ ᠪᠠ ᠲᠠᠩᠰᠠ ᠨᠢ ᠨᠡᠶᠢᠴᠡᠬᠦ ᠶᠢ ᠦᠨᠡᠨᠬᠦ ᠪᠠᠲᠤᠯᠠᠨ᠎ᠠ᠃       ⒊ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠳᠤᠮᠳᠠ ᠣᠳᠣᠬᠠᠨ ᠤ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠣᠭᠲᠠᠮᠠᠯ ᠬᠥᠷᠥᠩᠭᠡ ᠶᠢ ᠪᠦᠷᠢᠳᠬᠡᠭᠰᠡᠨ ᠣᠯᠵᠠᠪᠤᠷᠢ᠂ ᠠᠯᠳᠠᠭᠳᠠᠯ ᠤᠨ ᠪᠠᠶᠢᠳᠠᠯ ᠢ ᠢᠯᠡᠷᠡᠭᠦᠯᠵᠦ᠂ ᠪᠣᠶ ᠪᠣᠯᠤᠭᠰᠠᠨ ᠰᠢᠯᠲᠠᠭᠠᠨ ᠢ ᠨᠢ ᠵᠠᠳᠠᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠵᠦ᠂ ᠰᠢᠢᠳᠪᠦᠷᠢᠯᠡᠬᠦ ᠲᠥᠰᠥᠯ ᠲᠣᠭᠲᠠᠭᠠᠨ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠪᠦᠷᠢᠳᠬᠡᠨ ᠬᠠᠷᠭᠤᠭᠤᠯᠤᠨ᠎ᠠ᠃       ⒋ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠨᠢᠭᠡᠴᠢ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠰᠢᠯᠲᠠᠭᠠᠨ ᠢᠶᠠᠨ ᠨᠢᠮᠪᠡᠢ ᠵᠠᠳᠠᠯᠤᠨ᠂ ᠦᠨᠡᠨᠬᠦ ᠬᠡᠷᠡᠭᠵᠢᠭᠦᠯᠵᠦ ᠪᠣᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠳᠣᠲᠣᠭᠠᠳᠤ ᠳᠠᠭᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠨᠢᠭᠡᠴᠢ ᠶᠢᠨ ᠳᠣᠲᠣᠭᠠᠳᠤ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ  ᠲᠣᠭᠲᠠᠭᠠᠨ ᠪᠦᠷᠢᠨᠰᠢᠭᠦᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠳᠦᠷᠢᠮᠵᠢᠭᠦᠯᠬᠦ ᠪᠠ ᠮᠡᠳᠡᠭᠡ ᠵᠠᠩᠭᠢᠵᠢᠯᠠᠬᠤ ᠠᠵᠢᠯ ᠢ ᠪᠡᠶᠡᠯᠡᠭᠦᠯᠦᠨ᠎ᠡ᠃       ⒌ᠱᠠᠭᠠᠷᠳᠠᠨ ᠪᠠᠶᠢᠴᠠᠭᠠᠵᠤ ᠬᠢᠨᠠᠨ ᠰᠢᠯᠭᠠᠷᠠᠭᠤᠯᠤᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠰᠢᠢᠳᠪᠦᠷᠢᠯᠡᠬᠦ ᠵᠢᠴᠢ ᠲᠡᠮᠳᠡᠭᠴᠢᠯᠡᠬᠦ ᠠᠵᠢᠯ ᠢ ᠬᠢᠨᠠᠨ ᠰᠢᠯᠭᠠᠷᠠᠭᠤᠯᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠬᠦ ᠲᠥᠰᠥᠪ ᠯᠦᠭᠡ ᠬᠤᠯᠪᠣᠭᠳᠠᠭᠤᠯᠤᠨ᠂ ᠲᠥᠰᠥᠪ ᠤᠨ ᠬᠢᠵᠠᠭᠠᠷᠯᠠᠯ ᠢᠶᠠᠷ ᠳᠠᠮᠵᠢᠭᠤᠯᠤᠨ ᠤᠷᠮᠠᠰᠢᠭᠤᠯᠤᠨ᠎ᠠ︔ ᠢᠯᠭᠠᠷᠠᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠵᠤ ᠦᠨᠡᠯᠡᠬᠦ ᠭᠦᠢᠴᠡᠳᠬᠡᠯ ᠲᠤᠭ᠎ᠠ ᠪᠣᠯᠭᠠᠬᠤ ᠶᠢᠨ ᠬᠠᠮᠲᠤ᠂ ᠲᠠᠪᠤ ᠶᠢ ᠨᠢᠭᠡ ᠴᠣᠭᠴᠠᠵᠢᠭᠤᠯᠬᠤ ᠠᠵᠢᠯ ᠤᠨ ᠬᠢᠨᠠᠨ ᠰᠢᠯᠭᠠᠷᠠᠭᠤᠯᠤᠯᠲᠠ ᠳᠤ ᠣᠷᠣᠭᠤᠯᠤᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠰᠢᠢᠳᠪᠦᠷᠢᠯᠡᠭᠰᠡᠨ ᠲᠤᠭ᠎ᠠ ᠬᠡᠮᠵᠢᠶ᠎ᠡ ᠬᠢᠭᠡᠳ ᠶᠠᠰᠤ ᠴᠢᠨᠠᠷ᠂ ᠦᠷ᠎ᠡ ᠠᠰᠢᠭ ᠬᠢᠭᠡᠳ ᠦᠷ᠎ᠡ ᠪᠦᠲᠦᠮᠵᠢ ᠶᠢ ᠲᠤᠰᠬᠠᠢ ᠦᠨᠡᠯᠡᠨ ᠵᠢᠱᠢᠬᠦ ᠪᠠ ᠵᠢᠭᠠᠨ ᠵᠢᠯᠤᠭᠤᠳᠴᠤ ᠱᠠᠭᠠᠷᠳᠠᠨ ᠭᠦᠢᠴᠡᠳᠬᠡᠬᠦ ᠠᠵᠢᠯ ᠢ ᠲᠣᠬᠢᠷᠠᠮᠵᠢᠲᠠᠢ ᠴᠠᠭ ᠲᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠢᠶᠠᠨ  ᠬᠦᠴᠦᠲᠡᠢ ᠠᠬᠢᠭᠤᠯᠤᠭᠰᠠᠨ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃       ᠬᠤᠶᠠᠷ᠂ ᠠᠵᠢᠯ ᠤᠨ ᠠᠭᠤᠯᠭ᠎ᠠ       ︵ᠨᠢᠭᠡ︶ ᠲᠡᠮᠳᠡᠭᠴᠢᠯᠡᠬᠦ ᠠᠵᠢᠯ        ⒈ᠲᠣᠭᠲᠠᠮᠠᠯ ᠬᠥᠷᠥᠩᠭᠡ ᠶᠢᠨ ᠲᠤᠭ᠎ᠠ ᠬᠡᠮᠵᠢᠶ᠎ᠡ ᠨᠢ 1000 ᠠᠴᠠ ᠳᠡᠭᠡᠭᠰᠢᠬᠢ ᠨᠢᠭᠡᠴᠢ ᠳᠤ ᠡᠳ᠋ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠣᠭᠲᠠᠮᠠᠯ ᠬᠥᠷᠥᠩᠭᠡ ᠶᠢᠨ ᠲᠤᠭ᠎ᠠ ᠬᠡᠮᠵᠢᠶ᠎ᠡ ᠨᠢ 1000 ᠠᠴᠠ ᠳᠣᠷᠣᠭᠰᠢᠬᠢ ᠨᠥᠬᠦᠴᠡᠯ ᠲᠠᠢ ᠨᠢᠭᠡᠴᠢ ᠳᠤ ᠵᠠᠷᠴᠢᠮ ᠳᠡᠭᠡᠷ᠎ᠡ ᠪᠠᠨ ᠡᠳ᠋ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠨᠢᠭᠡᠴᠢ ᠲᠣᠭᠲᠠᠮᠠᠯ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠮᠠᠯ ᠬᠥᠷᠥᠩᠭᠡ ᠳᠤ ᠴᠥᠮ ᠵᠢᠷᠤᠭᠠᠰᠤᠨ ᠺᠣᠳ᠋ ᠨᠠᠭᠠᠬᠤ ᠶᠢ ᠪᠠᠲᠤᠯᠠᠨ᠎ᠠ᠃      ⒉ᠲᠡᠮᠳᠡᠭᠴᠢᠯᠡᠨ ᠬᠠᠮᠢᠶᠠᠷᠬᠤ ᠲᠥᠬᠦᠭᠡᠷᠦᠮᠵᠢ ᠶᠢ ᠡᠷᠬᠡᠪᠰᠢ ᠣᠲᠣ ᠶᠢᠨ ᠬᠡᠷᠡᠭᠵᠢᠭᠦᠯᠵᠦ ᠪᠠᠶᠢᠭ᠎ᠠ ᠲᠥᠰᠥᠪ ᠤᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠲᠠᠢ ᠤᠶᠠᠯᠳᠤᠭᠤᠯᠤᠨ ᠬᠡᠷᠡᠭᠯᠡᠵᠦ᠂ ᠵᠥᠭᠡᠯᠡᠨ ᠬᠠᠲᠠᠭᠤ ᠲᠣᠨᠤᠭ ᠢ ᠰᠠᠶᠢᠲᠤᠷ ᠲᠣᠬᠢᠷᠠᠭᠤᠯᠤᠨ ᠵᠣᠯᠭᠠᠭᠤᠯᠤᠨ᠎ᠠ᠃ ᠪᠠᠶᠢᠭᠤᠯᠭ᠎ᠠ ᠨᠢᠭᠡᠴᠢ ᠮᠡᠷᠭᠡᠵᠢᠯ ᠤᠨ ᠱᠠᠭᠠᠷᠳᠠᠯᠭ᠎ᠠ ᠶᠢ ᠦᠨᠳᠦᠰᠦᠯᠡᠨ ᠵᠢᠷᠤᠭᠠᠰᠤᠨ ᠺᠣᠳ᠋  ᠳᠠᠷᠤᠮᠠᠯᠯᠠᠬᠤ ᠮᠠᠰᠢᠨ ᠪᠠ ᠺᠣᠳ᠋ ᠰᠢᠷᠪᠢᠬᠦ ᠲᠥᠬᠦᠭᠡᠷᠦᠮᠵᠢ ᠶᠢ ᠥᠪᠡᠰᠦᠪᠡᠨ ᠲᠣᠬᠢᠷᠠᠭᠤᠯᠵᠤ᠂ ᠡᠷᠬᠡᠪᠰᠢ ᠲᠡᠮᠳᠡᠭᠴᠢᠯᠡᠨ ᠬᠠᠮᠢᠶᠠᠷᠬᠤ ᠶᠣᠰᠣᠲᠠᠢ ᠶᠢ ᠨᠢ ᠪᠦᠬᠦᠨ ᠢ ᠲᠡᠮᠳᠡᠭᠴᠢᠯᠡᠨ ᠬᠠᠮᠢᠶᠠᠷᠤᠨ᠎ᠠ᠃       ⒊ᠡᠯ᠎ᠡ ᠨᠢᠭᠡᠴᠢ ᠶᠢᠨ ᠬᠡᠷᠡᠭᠯᠡᠵᠦ ᠪᠠᠶᠢᠭ᠎ᠠ ᠲᠡᠮᠳᠡᠭᠴᠢᠯᠡᠬᠦ ᠬᠠᠮᠢᠶᠠᠷᠤᠯᠲᠠ ᠶᠢᠨ ᠲᠥᠬᠦᠭᠡᠷᠦᠮᠵᠢ ᠨᠢ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ ᠴᠢᠳᠠᠮᠵᠢ ᠶᠢ ᠪᠦᠷᠢᠳᠦᠭᠦᠯᠦᠨ᠂ ᠨᠢᠭᠡ ᠬᠡᠮᠵᠢᠯᠲᠦ ᠺᠣᠳ᠋ ᠪᠤᠶᠤ ᠬᠤᠶᠠᠷ ᠬᠡᠮᠵᠢᠯᠲᠦ ᠺᠣᠳ᠋ ᠤᠨ ᠰᠢᠷᠪᠢᠯᠲᠡ ᠶᠢ ᠳᠠᠮᠵᠢᠵᠤ᠂ ᠡᠳ᠋ ᠬᠥᠷᠥᠩᠭᠡ ᠶᠢᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠡᠷᠡᠭᠯᠡᠬᠦ ᠨᠢᠭᠡᠴᠢ᠂ ᠡᠳ᠋ ᠬᠥᠷᠥᠩᠭᠡ ᠶᠢᠨ ᠨᠡᠷᠡᠶᠢᠳᠦᠯ᠂ ᠡᠳ᠋ ᠬᠥᠷᠥᠩᠭᠡ ᠶᠢᠨ ᠳ᠋ᠤᠭᠠᠷᠯᠠᠯ᠂ ᠺᠣᠳ᠋ ᠣᠯᠭᠤᠭᠰᠠᠨ ᠴᠠᠭ ᠬᠤᠭᠤᠴᠠᠭ᠎ᠠ᠂ ᠤᠤᠯ ᠤᠨ ᠥᠷᠲᠡᠭ᠂ ᠴᠡᠪᠡᠷ ᠥᠷᠲᠡᠭ ᠵᠡᠷᠭᠡ ᠨᠡᠶᠢᠳᠡᠮ ᠬᠡᠷᠡᠭᠯᠡᠬᠦ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡᠷᠡᠭᠦᠯᠦᠨ᠂ ᠰᠢᠰᠲ᠋ᠧᠮ ᠤᠨ ᠲᠤᠭ᠎ᠠ ᠪᠠᠷᠢᠮᠲᠠ ᠲᠠᠢ ᠤᠶᠠᠯᠳᠤᠭᠤᠯᠤᠨ ᠥᠪᠡᠷᠲᠡᠭᠡᠨ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ᠎ᠠ᠃       ⒋ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠡᠳ᠋ ᠬᠥᠷᠥᠩᠭᠡ ᠳᠤ ᠨᠢᠭᠡ ᠬᠡᠮᠵᠢᠯᠲᠦ ᠺᠣᠳ᠋ ᠪᠤᠶᠤ ᠬᠤᠶᠠᠷ ᠬᠡᠮᠵᠢᠯᠲᠦ ᠺᠣᠳ᠋ ᠤᠨ ᠬᠠᠮᠢᠶᠠᠷᠤᠯᠲᠠ ᠶᠢ ᠨᠢᠭᠡᠳᠦᠯᠲᠡᠢ ᠬᠡᠷᠡᠭᠵᠢᠭᠦᠯᠵᠦ᠂ ᠨᠢᠭᠡ ᠪᠣᠳᠠᠰ ᠲᠤ ᠨᠢᠭᠡ ᠺᠠᠷᠲ ᠨᠢᠭᠡ ᠺᠣᠳ᠋ ᠲᠠᠢ ᠪᠠᠶᠢᠬᠤ ᠶᠢ ᠪᠠᠲᠤᠯᠠᠬᠤ ᠶᠢᠨ ᠬᠠᠮᠲᠤ ᠬᠠᠷᠠᠭᠠᠯᠵᠠᠭᠰᠠᠨ ᠡᠳ᠋ ᠬᠥᠷᠥᠩᠭᠡ ᠶᠢᠨ ᠥᠩᠭᠡᠨ ᠲᠠᠯ᠎ᠠ ᠪᠤᠶᠤ ᠬᠠᠵᠠᠭᠤ ᠲᠠᠯ᠎ᠠ ᠳᠤ ᠨᠠᠭᠠᠨ᠂ ᠲᠡᠭᠰᠢ ᠪᠠᠶᠢᠯᠭᠠᠵᠤ᠂ ᠰᠢᠷᠪᠢᠬᠦ ᠳᠤ ᠲᠥᠬᠦᠮ ᠪᠣᠯᠭᠠᠨ᠂ ᠡᠳ᠋ ᠬᠥᠷᠥᠩᠭᠡ ᠶᠢᠨ ᠺᠠᠷᠲ ᠤᠨ ᠠᠭᠤᠯᠭ᠎ᠠ ᠨᠢ ᠪᠦᠷᠢᠨ ᠭᠦᠢᠴᠡᠳ᠂ ᠥᠰᠥᠭ ᠨᠢ ᠲᠣᠳᠣᠷᠬᠠᠢ᠂ ᠡᠯᠡᠭᠳᠡᠯ ᠢ ᠳᠠᠭᠠᠭᠠᠬᠤ᠂ ᠪᠦᠷᠢᠨ ᠪᠦᠲᠦᠨ ᠬᠠᠳᠠᠭᠠᠯᠠᠵᠤ ᠳᠡᠶᠢᠯᠬᠦ ᠶᠢ ᠪᠠᠲᠤᠯᠠᠨ᠎ᠠ᠃       ︵ᠬᠤᠶᠠᠷ︶ ᠲᠠᠩᠰᠠ ᠶᠢ ᠢᠯᠭᠠᠷᠠᠭᠤᠯᠤᠨ᠎ᠠ᠃ ᠡᠯ᠎ᠡ ᠨᠢᠭᠡᠴᠢ ᠲᠣᠭᠲᠠᠮᠠᠯ ᠬᠥᠷᠥᠩᠭᠡ ᠶᠢᠨ ᠡᠬᠡ ᠲᠠᠩᠰᠠ ᠶᠢ ᠪᠥᠬᠦ ᠲᠠᠯ᠎ᠠ ᠪᠠᠷ ᠬᠠᠷᠭᠤᠭᠤᠯᠤᠨ ᠢᠯᠭᠠᠷᠠᠭᠤᠯᠵᠤ᠂ ᠲᠠᠩᠰᠠ ᠶᠢ ᠢᠯᠭᠠᠷᠠᠭᠤᠯᠬᠤ ᠪᠠᠷ ᠳᠠᠮᠵᠢᠭᠤᠯᠤᠨ ︽ᠳᠥᠷᠪᠡ ᠶᠢ ᠨᠡᠶᠢᠴᠡᠭᠦᠯᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠪᠣᠳᠠᠰ ᠪᠠ ᠪᠤᠳᠠᠰ ᠤᠨ ᠳ᠋ᠤᠭᠠᠷ ᠨᠢ ᠨᠡᠶᠢᠴᠡᠬᠦ᠂ ᠲᠠᠩᠰᠠ ᠪᠠ ᠪᠣᠳᠠᠲᠤ ᠪᠣᠳᠠᠰ ᠨᠢ ᠨᠡᠶᠢᠴᠡᠬᠦ᠂ ᠲᠠᠩᠰᠠ ᠪᠠ ᠲᠠᠩᠰᠠ ᠨᠢ ᠨᠡᠶᠢᠴᠡᠬᠦ᠂ ᠲᠠᠩᠰᠠ ᠪᠠ ᠬᠦᠰᠦᠨᠦᠭᠲᠦ ᠨᠢ ᠨᠡᠶᠢᠴᠡᠬᠦ ᠶᠢ ᠪᠠᠲᠤᠯᠠᠨ᠎ᠠ᠃ ᠨᠢᠭᠡᠴᠢ ᠶᠢᠨ ᠲᠠᠩᠰᠠ ᠶᠢᠨ ᠪᠦᠷᠢᠨ ᠪᠦᠲᠦᠨ᠂ ᠵᠥᠪ ᠣᠨᠣᠪᠴᠢᠲᠠᠶ ᠪᠠ ᠦᠨᠡᠨ ᠪᠣᠳᠠᠲᠠᠢ ᠪᠠᠶᠢᠬᠤ ᠶᠢ ᠪᠠᠲᠤᠯᠠᠨ᠎ᠠ᠃ ᠲᠠᠩᠰᠠ ᠶᠢ ᠢᠯᠭᠠᠷᠠᠭᠤᠯᠬᠤ ᠳᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠡᠳᠦᠷ ᠢᠶᠠᠷ ᠪᠠᠷᠢᠮᠵᠢᠶ᠎ᠠ ᠪᠣᠯᠭᠠᠵᠤ᠂ ᠳ᠋ᠦᠩᠨᠡᠨ ᠪᠣᠳᠣᠵᠤ ᠬᠢᠨᠠᠨ ᠬᠠᠷᠭᠤᠭᠤᠯᠬᠤ ᠠᠷᠭ᠎ᠠ ᠮᠠᠶ᠋ᠢᠭ ᠢᠶᠠᠷ ᠲᠣᠭᠲᠠᠮᠠᠯ ᠬᠥᠷᠥᠩᠭᠡ ᠶᠢᠨ ᠲᠠᠩᠰᠠ ᠶᠢ ᠪᠥᠬᠦ ᠲᠠᠯ᠎ᠠ ᠪᠠᠷ ᠢᠯᠭᠠᠷᠠᠭᠤᠯᠤᠨ᠎ᠠ᠃ ᠳᠠᠩᠰᠠ ᠶᠢ ᠢᠯᠭᠠᠷᠠᠭᠤᠯᠬᠤ ᠶᠠᠪᠤᠴᠠ ᠳᠤ᠂ ᠨᠢᠭᠲᠠᠯᠠᠨ ᠪᠣᠳᠣᠬᠤ ᠮᠡᠷᠭᠡᠵᠢᠯ ᠤᠨ ᠠᠯᠳᠠᠭ᠎ᠠ ᠠᠴᠠ ᠪᠣᠯᠤᠭᠰᠠᠨ ᠪᠤᠷᠤᠭᠤ ᠳᠠᠩᠰᠠ ᠶᠢ ᠨᠢᠭᠲᠠᠯᠠᠨ ᠪᠣᠳᠣᠬᠤ ᠠᠯᠳᠠᠭ᠎ᠠ ᠳᠤ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠲᠣᠭᠲᠠᠭᠠᠯ ᠢᠶᠠᠷ ᠬᠤᠯᠪᠣᠭᠳᠠᠯ ᠪᠦᠬᠦᠢ ᠳᠠᠩᠰᠠᠨ ᠳᠤ ᠥᠪᠡᠷᠲᠡᠭᠡᠨ ᠲᠣᠬᠢᠷᠠᠭᠤᠯᠤᠯᠲᠠ ᠬᠢᠨ᠎ᠡ᠃       ︵ᠭᠤᠷᠪᠠ︶ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠨ᠎ᠠ᠃ ᠡᠯ᠎ᠡ ᠨᠢᠭᠡᠴᠢ ᠡᠯ᠎ᠡ ᠵᠦᠢᠯ ᠤᠨ ᠲᠣᠭᠲᠠᠮᠠᠯ ᠬᠥᠷᠥᠩᠭᠡ ᠶᠢ ᠪᠦ᠋ᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠬᠠᠷᠭᠤᠭᠤᠯᠵᠤ ᠲᠣᠳᠣᠯᠠᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠪᠠᠷ ᠳᠠᠮᠵᠢᠭᠤᠯᠤᠨ ︽ᠭᠤᠷᠪᠡ ᠨᠢ ᠦᠨᠡᠨ ᠪᠣᠳᠠᠲᠠᠢ ᠪᠠᠶᠢᠬᠤ ᠨᠢᠭᠡ ᠨᠢ ᠨᠡᠶᠢᠴᠡᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠡᠳ᠋ ᠬᠥᠷᠥᠩᠭᠡ ᠶᠢᠨ ᠲᠤᠭ᠎ᠠ ᠬᠡᠮᠵᠢᠶ᠎ᠡ ᠨᠢ ᠦᠨᠡᠨ ᠪᠣᠳᠠᠲᠠᠢ᠂ ᠡᠳ᠋ ᠬᠥᠷᠥᠩᠭᠡ ᠶᠢᠨ ᠥᠷᠲᠡᠭ ᠨᠢ ᠦᠨᠡᠨ ᠪᠣᠳᠠᠲᠠᠢ᠂ ᠬᠠᠮᠢᠶᠠᠷᠴᠤ ᠬᠡᠷᠡᠭᠯᠡᠭᠰᠡᠨ ᠨᠢᠭᠡᠴᠢ ᠨᠢ ᠦᠨᠡᠨ ᠪᠣᠳᠠᠲᠠᠢ᠂ ᠲᠠᠩᠰᠠ ᠨᠢ ᠪᠣᠳᠠᠲᠤ  ᠪᠣᠳᠠᠰ ᠲᠠᠢ ᠪᠠᠨ ᠨᠡᠶᠢᠴᠡᠭᠰᠡᠨ ᠪᠠᠶᠢᠬᠤ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠪᠣᠳᠠᠲᠤ ᠪᠣᠳᠠᠰ ᠢ ᠲᠣᠭᠠᠯᠠᠨ ᠪᠦᠷᠢᠳᠬᠡᠬᠦ ᠪᠠ ᠲᠡᠩᠰᠠ ᠶᠢ ᠬᠢᠨᠠᠨ ᠬᠠᠷᠭᠤᠭᠤᠯᠬᠤ ᠶᠢ ᠤᠶᠠᠯᠳᠤᠭᠤᠯᠵᠤ᠂ ᠲᠣᠭᠲᠠᠮᠠᠯ ᠬᠥᠷᠥᠩᠭᠡ ᠶᠢ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃      ⒈ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠤᠨ᠎ᠠ᠃ ᠭᠤᠣᠯᠳᠠᠭᠤ ᠲᠣᠰ ᠨᠢᠭᠡᠴᠢ ᠶᠢᠨ ᠪᠥᠬᠦ ᠨᠡᠷᠡᠶᠢᠳᠦᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ᠂ ᠨᠢᠭᠡᠴᠢ ᠶᠢᠨ ᠰᠢᠨᠵᠢ ᠴᠢᠨᠠᠷ᠂ ᠬᠠᠷᠢᠶᠠᠯᠠᠭᠳᠠᠬᠤ ᠬᠠᠷᠢᠴᠠᠭ᠎ᠠ᠂ ᠠᠵᠢᠯᠲᠠᠨ ᠤ ᠣᠷᠣᠨ ᠲᠤᠭ᠎ᠠ᠂ ᠠᠵᠢᠯᠲᠠᠨ ᠤ ᠲᠤᠭ᠎ᠠ ᠵᠢᠴᠢ ᠠᠵᠢᠯᠲᠠᠨ ᠤ ᠪᠦᠲᠦᠴᠡ ᠵᠡᠷᠭᠡ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠤᠨ᠎ᠠ᠃       ⒉ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠨ᠎ᠠ᠃ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠪᠣᠯᠣᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠳᠤ ᠣᠷᠣᠰᠢᠵᠤ ᠪᠠᠶᠢᠭ᠎ᠠ ᠵᠥᠷᠢᠶ᠎ᠡ ᠶᠢ ᠬᠠᠷᠭᠤᠭᠤᠯᠬᠤ ᠶᠢᠨ ᠬᠠᠮᠲᠤ ᠰᠢᠯᠲᠠᠭᠠᠨ ᠢ ᠨᠢ ᠡᠷᠢᠵᠦ ᠵᠠᠳᠠᠯᠤᠨ᠂ ᠲᠠᠩᠰᠠ ᠪᠠ ᠲᠠᠩᠰᠠ ᠨᠢ ᠨᠡᠶᠢᠴᠡᠭᠰᠡᠨ ᠪᠠᠶᠢᠬᠤ ᠶᠢ ᠪᠡᠶᠡᠯᠡᠭᠦᠯᠦᠨ᠎ᠡ︔ ︽ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠪᠠᠷᠢᠮᠵᠢᠶ᠎ᠠ ᠶᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠤᠳᠤᠬᠤ ᠳᠤ ᠡᠯᠡᠭᠳᠡᠯ ᠢ ᠨᠥᠬᠦᠨ ᠠᠪᠴᠤ᠂ ᠨᠥᠬᠦᠬᠦ ᠶᠣᠰᠣᠲᠠᠢ ᠶᠢ ᠨᠢ ᠪᠦᠬᠦᠨ ᠢ ᠨᠢ ᠨᠥᠬᠦᠨ᠎ᠡ︔ ᠡᠯ᠎ᠡ ᠲᠥᠷᠥᠯ ᠤᠨ ᠡᠳ᠋ ᠬᠥᠷᠥᠩᠭᠡ ᠶᠢ ᠪᠥᠬᠦ ᠲᠠᠯ᠎ᠠ ᠪᠠᠷ ᠲᠣᠭᠠᠯᠠᠨ ᠪᠦᠷᠢᠳᠬᠡᠬᠦ ᠶᠢᠨ ᠬᠠᠮᠲᠤ᠂ ᠡᠯ᠎ᠡ ᠨᠢᠭᠡᠴᠢ ᠶᠢ ᠵᠢᠯᠣᠭᠤᠳᠤᠨ ᠲᠣᠭᠲᠠᠮᠠᠯ ᠬᠥᠷᠥᠩᠭᠡ ᠶᠢᠨ ᠵᠢᠷᠤᠭᠠᠰᠤᠨ ᠺᠣᠳ᠋ ︵ᠪᠤᠶᠤ ᠬᠤᠶᠠᠷ ᠬᠡᠮᠵᠢᠯᠲᠦ ᠺᠣᠳ᠋︶ ᠢ ᠨᠠᠭᠠᠵᠤ᠂ ᠲᠣᠭᠲᠠᠮᠠᠯ ᠬᠥᠷᠥᠩᠭᠡ ᠶᠢᠨ ᠣᠯᠵᠠᠪᠤᠷᠢ ᠠᠯᠳᠠᠭᠳᠠᠯ ᠤᠨ ᠪᠠᠶᠢᠳᠠᠯ ᠢ ᠢᠯᠭᠠᠷᠠᠭᠤᠯᠤᠨ᠂ ᠲᠠᠩᠰᠠ ᠪᠠ ᠪᠣᠳᠠᠲᠤ ᠪᠣᠳᠠᠰ ᠨᠢ ᠨᠡᠶᠢᠴᠡᠬᠦ ᠶᠢ ᠪᠠᠲᠤᠯᠠᠨ᠎ᠠ︔ ᠣᠨᠴᠠᠭᠠᠶ ᠪᠤᠶᠤ ᠢᠯᠭᠠᠷᠠᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠢ ᠲᠣᠭᠲᠠᠮᠠᠯ ᠬᠥᠷᠥᠩᠭᠡ ᠶᠢ ᠡᠯ᠎ᠡ ᠨᠢᠭᠡᠴᠢ ᠲᠠᠢ ᠴᠠᠭ ᠲᠤᠬᠠᠢ ᠳᠤᠨᠢ ᠬᠠᠷᠢᠯᠴᠠᠵᠤ ᠪᠠᠶᠢᠭᠠᠳ ᠢᠯᠭᠠᠷᠠᠭᠤᠯᠤᠨ ᠪᠠᠶᠢᠴᠠᠭᠠᠬᠤ ᠠᠷᠭ᠎ᠠ ᠪᠠᠷᠢᠯ ᠳᠤ ᠲᠣᠬᠢᠷᠠᠭᠤᠯᠤᠯᠲᠠ ᠬᠢᠵᠤ᠂ ᠲᠣᠭᠲᠠᠮᠠᠯ ᠬᠥᠷᠥᠩᠭᠡ ᠵᠢᠴᠢ ᠡᠳ᠋ ᠬᠥᠷᠥᠩᠭᠡ ᠶᠢᠨ ᠣᠯᠵᠠᠪᠤᠷᠢ ᠠᠯᠳᠠᠭᠳᠠᠯ ᠢᠶᠠᠨ ᠮᠡᠳᠡᠭᠦᠯᠬᠦ ᠦᠭᠡᠢ ᠨᠢᠭᠤᠭᠰᠠᠨ᠂ ᠣᠷᠬᠢᠭᠳᠠᠭᠤᠯᠤᠭᠰᠠᠨ ᠪᠠᠶᠢᠳᠠᠯ ᠢ ᠬᠢᠨᠠᠵᠤ ᠬᠠᠷᠭᠤᠭᠤᠯᠤᠨ᠂ ᠲᠣᠭᠲᠠᠮᠠᠯ ᠬᠥᠷᠥᠩᠭᠡ ᠨᠢᠭᠡᠪᠦᠷᠢ ᠶᠢ ᠨᠢᠭᠡ ᠨᠢᠭᠡ ᠪᠠᠷ ᠬᠢᠨᠠᠬᠤ ᠶᠢ ᠪᠡᠶᠡᠯᠡᠭᠦᠯᠦᠨ᠎ᠡ᠃      ⒊ᠡᠳ᠋ ᠬᠥᠷᠥᠩᠭᠡ ᠶᠢᠨ ᠣᠯᠵᠠᠪᠤᠷᠢ ᠬᠤᠷᠣᠭᠳᠠᠯ ᠢ ᠰᠢᠯᠭᠠᠨ ᠭᠡᠷᠡᠴᠢᠯᠡᠨ᠎ᠡ᠃ ᠭᠤᠣᠯᠳᠠᠭᠤ ᠡᠯ᠎ᠡ ᠨᠢᠭᠡᠴᠢ ᠶᠢᠨ ᠢᠯᠭᠠᠷᠠᠭᠤᠯᠤᠨ ᠪᠠᠶᠢᠴᠠᠭᠠᠵᠤ ᠭᠠᠷᠭᠠᠭᠰᠠᠨ ᠲᠣᠭᠲᠠᠮᠠᠯ ᠬᠥᠷᠥᠩᠭᠡ ᠶᠢᠨ  ᠪᠦᠷᠢᠳᠬᠡᠭᠰᠡᠨ ᠣᠯᠵᠠᠪᠤᠷᠢ ᠪᠠ ᠠᠯᠳᠠᠭᠳᠠᠯ ᠪᠤᠶᠤ ᠪᠣᠳᠠᠲᠤ ᠬᠥᠷᠥᠩᠭᠡ ᠶᠢ ᠬᠡᠷᠡᠭᠯᠡᠭᠡᠨ ᠠᠴᠠ ᠭᠠᠷᠭᠠᠭᠰᠠᠨ᠂ ᠡᠪᠳᠡᠵᠦ ᠰᠦᠢᠳᠬᠡᠭᠰᠡᠨ ᠪᠠᠶᠢᠳᠠᠯ ᠢ ᠤᠯᠤᠰ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠲᠥᠷᠥ ᠶᠢᠨ ᠪᠣᠳᠣᠯᠭ᠎ᠠ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠤ ᠳᠦᠷᠢᠮ ᠳᠠᠬᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠣᠰᠣᠭᠠᠷ ᠬᠢᠨᠠᠨ ᠪᠠᠶᠢᠴᠠᠭᠠᠵᠤ᠂ ᠭᠦᠢᠴᠡᠳ ᠪᠠᠶᠢᠴᠠᠭᠠᠵᠤ ᠭᠡᠷᠡᠴᠢ ᠠᠪᠤᠭᠰᠠᠨ ᠰᠠᠭᠤᠷᠢᠨ ᠳᠡᠭᠡᠷ᠎ᠡ ᠪᠤᠰᠤᠳᠴᠢ ᠵᠠᠳᠠᠯᠤᠯᠲᠠ ᠪᠠ ᠠᠵᠢᠯ ᠮᠡᠷᠭᠡᠵᠢᠯ ᠤᠨ ᠮᠠᠭᠠᠳᠯᠠᠯᠲᠠ ᠬᠢᠵᠦ᠂ ᠰᠢᠯᠭᠠᠨ ᠭᠡᠷᠡᠴᠢᠯᠡᠭᠰᠡᠨ ᠰᠠᠨᠠᠯ ᠭᠠᠷᠭᠠᠨ᠎ᠠ᠃       ⒋ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ ᠲᠤᠰᠢᠶᠠᠨ᠎ᠠ᠃ ᠤᠷᠢᠭᠰᠠᠨ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠨᠢ ᠬᠢᠨᠠᠨ ᠪᠣᠳᠣᠬᠤ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠬᠢᠨᠠᠨ ᠪᠣᠳᠣᠯᠲᠠ ᠬᠢᠯᠭᠡᠭᠰᠡᠨ ᠨᠢᠭᠡᠴᠢ ᠶᠢᠨ ᠦᠨᠳᠦᠰᠦᠨ ᠪᠠᠶᠢᠳᠠᠯ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠢᠨᠠᠨ ᠪᠣᠳᠣᠯᠲᠠ ᠶᠢᠨ ᠶᠡᠷᠦᠩᠬᠡᠢ ᠪᠠᠶᠢᠳᠠᠯ᠂ ᠲᠣᠭᠲᠠᠮᠠᠯ ᠬᠥᠷᠥᠩᠭᠡ ᠶᠢ ᠪᠦᠷᠢᠳᠬᠡᠭᠰᠡᠨ ᠣᠯᠵᠠᠪᠤᠷᠢ᠂ ᠲᠣᠭᠲᠠᠮᠠᠯ ᠬᠥᠷᠥᠩᠭᠡ ᠶᠢᠨ ᠬᠤᠷᠣᠭᠳᠠᠯ ᠢ ᠢᠯᠭᠠᠷᠠᠭᠤᠯᠤᠨ ᠪᠠᠶᠢᠴᠠᠭᠠᠭᠰᠠᠨ ᠪᠠᠶᠢᠳᠠᠯ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠬᠢᠨᠠᠨ ᠪᠤᠳᠤᠭᠰᠠᠨ ᠰᠠᠨᠠᠯ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠣᠨ ᠬᠠᠮᠢᠶᠠᠷᠤᠯᠲᠠ ᠪᠠᠨ ᠴᠢᠩᠭᠠᠳᠬᠠᠬᠤ ᠰᠠᠨᠠᠭᠤᠯᠭ᠎ᠠ᠂ ᠬᠢᠨᠠᠨ ᠪᠤᠳᠤᠭᠰᠠᠨ ᠪᠠᠶᠢᠳᠠᠯ ᠤᠨ ᠪᠣᠳᠠᠲᠠᠢ ᠲᠣᠳᠣᠷᠬᠠᠶᠢᠯᠠᠯᠲᠠ᠂ ᠴᠢᠬᠤᠯᠠ ᠶᠡᠭᠡ ᠵᠦᠢᠯᠡᠰ ᠢ ᠢᠯᠡᠷᠡᠭᠦᠯᠬᠦ ᠪᠤᠶᠤ ᠲᠤᠰᠬᠠᠢ ᠲᠣᠳᠣᠷᠬᠠᠶᠢᠯᠠᠯᠲᠠ ᠵᠡᠷᠭᠡ ᠭᠤᠤᠯ ᠠᠭᠤᠯᠭ᠎ᠠ ᠶᠢ ᠪᠠᠭᠲᠠᠭᠠᠭᠰᠠᠨ ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠴᠠᠭ ᠳᠠᠷᠤᠢ ᠳᠤᠨᠢ ᠲᠤᠰᠢᠶᠠᠨ᠎ᠠ᠃        ︵ᠳᠥᠷᠪᠡ︶ ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠨᠢᠭᠡᠴᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠡᠳ᠋ ᠬᠥᠷᠥᠩᠭᠡ ᠵᠢᠴᠢ ᠡᠳ᠋ ᠤᠨ ᠶᠠᠪᠤᠳᠠᠯ ᠤᠨ ᠡᠳᠦᠷ ᠲᠤᠲᠤᠮ ᠤᠨ ᠬᠠᠮᠢᠶᠠᠷᠤᠯᠲᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠢ ᠵᠠᠳᠠᠯᠤᠨ᠂ ᠬᠠᠷᠠᠭᠠᠯᠵᠠᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠳᠣᠲᠣᠭᠠᠳᠤ ᠳᠠᠭᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠨᠢᠭᠡᠴᠢ ᠶᠢᠨ ᠳᠣᠲᠣᠭᠠᠳᠤ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠵᠢᠷᠦᠮᠵᠢᠯᠲᠡ᠂ ᠳᠦᠷᠢᠮᠵᠢᠯᠲᠡ ᠪᠠ ᠮᠡᠳᠡᠭᠡ ᠵᠠᠩᠭᠢᠵᠢᠯᠲᠠ ᠶᠢ ᠪᠡᠶᠡᠯᠡᠭᠦᠯᠦᠨ᠎ᠡ᠃       ᠭᠤᠷᠪᠠ᠂ ᠰᠠᠭᠤᠷᠢ ᠪᠠᠷᠢᠮᠵᠢᠶᠠᠲᠤ ᠡᠳᠦᠷ᠂ ᠠᠵᠢᠯ ᠤᠨ ᠬᠡᠪᠴᠢᠶ᠎ᠡ ᠪᠠ ᠠᠷᠭ᠎ᠠ ᠮᠠᠶ᠋ᠢᠭ       ︵ᠨᠢᠭᠡ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠰᠠᠭᠤᠷᠢ ᠪᠠᠷᠢᠮᠵᠢᠶᠠᠲᠤ ᠡᠳᠦᠷ᠃ ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠰᠠᠭᠤᠷᠢ ᠪᠠᠷᠢᠮᠵᠢᠶᠠᠲᠤ ᠡᠳᠦᠷ ᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠢᠶᠠᠷ ᠲᠣᠭᠲᠠᠭᠠᠨ᠎ᠠ᠃       ︵ᠬᠤᠶᠠᠷ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠬᠦᠷᠢᠶ᠎ᠡ ᠬᠡᠪᠴᠢᠶ᠎ᠡ᠃ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠤᠰᠢᠭᠤᠨ ᠤ ᠪᠠᠶᠢᠭᠤᠯᠤᠮᠵᠢ ᠣᠷᠣᠨ ᠲᠤᠭ᠎ᠠ ᠶᠢᠨ ᠬᠠᠮᠢᠶᠠᠷᠤᠯᠲᠠ ᠶᠢᠨ ᠪᠠᠶᠢᠭᠤᠯᠭ᠎ᠠ ᠪᠠᠷ ᠵᠥᠪᠰᠢᠶᠡᠷᠡᠭᠦᠯᠦᠨ ᠪᠠᠶᠢᠭᠤᠯᠤᠭᠳᠠᠭᠰᠠᠨ ᠮᠥᠷᠲᠡᠭᠡᠨ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠥᠬᠦ ᠬᠤᠰᠢᠭᠤᠨ ᠤ ᠡᠯ᠎ᠡ ᠨᠢᠭᠡᠴᠢ ︵ᠲᠤᠰᠠᠭᠠᠷ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠬᠤᠶᠠᠳᠤᠭᠠᠷ ᠳᠡᠰ ᠤᠨ ᠨᠢᠭᠡᠴᠢ ᠪᠠᠭᠲᠠᠨ᠎ᠠ︶᠃       ︵ᠭᠤᠷᠪᠠ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ  ᠲᠡᠮᠳᠡᠭᠴᠢᠯᠡᠬᠦ ᠠᠵᠢᠯ ᠢ ᠡᠯ᠎ᠡ ᠨᠢᠭᠡᠴᠢ ᠶᠢᠨ ᠬᠢᠨ ᠲᠣᠰ ᠨᠢᠭᠡᠴᠢ ᠶᠢᠨ ᠢᠶᠠᠨ ᠪᠣᠶ ᠪᠦᠬᠦᠢ ᠲᠣᠭᠲᠠᠮᠠᠯ ᠬᠥᠷᠥᠩᠭᠡ ᠳᠤ ᠵᠢᠷᠤᠭᠠᠰᠤᠨ ᠺᠣᠳ᠋ ᠨᠠᠭᠠᠬᠤ ᠵᠢᠴᠢ ᠲᠣᠭᠲᠠᠮᠠᠯ ᠬᠥᠷᠥᠩᠭᠡ ᠶᠢ ᠥᠪᠡᠰᠦᠪᠡᠨ ᠪᠠᠶᠢᠴᠠᠭᠠᠵᠤ ᠲᠣᠭᠠᠯᠠᠨ ᠪᠦᠷᠢᠳᠬᠡᠬᠦ ᠪᠠ ᠡᠳ᠋ ᠤᠨ ᠵᠠᠰᠠᠭ ᠤᠨ ᠲᠣᠪᠴᠢᠶ᠎ᠠ ᠠᠴᠠ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢ ᠤᠷᠢᠵᠤ ᠬᠢᠨᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠤᠨ᠎ᠠ᠃       ᠳᠥᠷᠪᠡ᠂ ᠠᠵᠢᠯ ᠤᠨ ᠠᠯᠬᠤᠮ ᠳᠠᠷᠠᠭ᠎ᠠ ᠵᠢᠴᠢ ᠴᠠᠭ ᠤᠨ ᠲᠣᠬᠢᠷᠠᠭᠤᠯᠤᠯᠲᠠ       ︵ᠨᠢᠭᠡ︶ ᠲᠠᠶᠢᠴᠢᠯᠠᠨ ᠪᠠᠶᠢᠷᠢᠯᠠᠭᠤᠯᠬᠤ ᠱᠠᠲᠤ ︵2024 ᠣᠨ ᠤ 7 ᠳ᠋ᠤᠭᠠᠷ ᠰᠠᠷ᠎ᠠ ᠶᠢᠨ 5 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ︶       ⒈ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ  ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠠᠯᠪᠠᠨ ᠭᠡᠷ ︵ᠳᠣᠷᠣᠭᠰᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠭᠡᠵᠦ ᠲᠣᠪᠴᠢᠯᠠᠨ᠎ᠠ︶ ᠭᠠᠷᠭᠠᠨ᠎ᠠ᠃ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠯ᠎ᠡ ᠨᠢᠭᠡᠴᠢ ᠠᠵᠢᠯ ᠤᠨ ᠲᠤᠰᠬᠠᠢ ᠠᠩᠭᠢ ᠪᠠᠶᠢᠭᠤᠯᠤᠨ᠂ ᠪᠣᠳᠠᠲᠠᠢ ᠠᠵᠢᠯ ᠢ ᠠᠬᠢᠭᠤᠯᠵᠤ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠪᠥᠬᠦ ᠶᠠᠪᠤᠴᠠ ᠶᠢ ᠵᠢᠭᠠᠨ ᠵᠢᠯᠦᠭᠤᠳᠴᠤ ᠬᠢᠨᠠᠯᠲᠠ ᠲᠠᠯᠪᠢᠨ᠎ᠠ᠃      ⒉ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠪᠣᠯᠪᠠᠰᠤᠷᠠᠯ ᠬᠢᠨ᠎ᠡ᠃ ᠲᠠᠶᠢᠴᠢᠯᠠᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠲᠣᠭᠲᠠᠮᠠᠯ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠵᠢᠷᠤᠭᠠᠰᠤᠨ ᠺᠣᠳ᠋ ᠳᠠᠷᠤᠮᠠᠯᠯᠠᠬᠤ ᠮᠠᠰᠢᠨ ᠪᠠ ᠺᠣᠳ᠋ ᠰᠢᠷᠪᠢᠬᠦ ᠲᠥᠬᠦᠭᠡᠷᠦᠮᠵᠢ ᠶᠢ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠠᠴᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠥᠪᠡᠰᠦᠪᠡᠨ ᠲᠣᠬᠢᠷᠠᠭᠤᠯᠤᠨ᠎ᠠ᠃       ︵ᠬᠤᠶᠠᠷ︶ ᠪᠡᠯᠡᠳᠬᠡᠬᠦ ᠱᠠᠲᠤ ︵2024 ᠣᠨ ᠤ 7 ᠳ᠋ᠤᠭᠠᠷ ᠰᠠᠷ᠎ᠠ ᠶᠢᠨ 11 ᠤ ᠡᠳᠦᠷ ᠠᠴᠠ 7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ︶       ᠲᠣᠰ ᠲᠥᠰᠥᠯ ᠢ ᠦᠨᠳᠦᠰᠦᠯᠡᠨ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠨᠢᠭᠡᠴᠢ ᠶᠢ ᠳᠤᠭᠤᠶᠢᠯᠠᠩ ᠬᠤᠪᠢᠶᠠᠬᠤ ᠵᠢᠴᠢ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢ ᠲᠣᠭᠲᠠᠭᠠᠨ᠎ᠠ᠃       ︵ᠭᠤᠷᠪᠠ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠥᠪᠡᠰᠦᠪᠡᠨ ᠪᠠᠶᠢᠴᠠᠭᠠᠬᠤ ᠱᠠᠲᠤ ︵2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ 8 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ︶ ᠡᠯ᠎ᠡ ᠨᠢᠭᠡᠴᠢ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠣᠰ ᠨᠢᠭᠡᠴᠢ ᠶᠢᠨ ᠢᠶᠠᠨ ᠪᠣᠳᠠᠲᠠᠢ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠥᠯ ᠲᠣᠭᠲᠠᠭᠠᠵᠤ᠂ ᠲᠣᠭᠲᠠᠮᠠᠯ ᠬᠥᠷᠥᠩᠭᠡ ᠳᠤ ᠬᠤᠶᠠᠷ ᠬᠡᠮᠵᠢᠯᠲᠦ ᠺᠣᠳ᠋ ᠨᠠᠭᠠᠬᠤ᠂ ᠲᠣᠭᠠᠯᠠᠨ ᠪᠦᠷᠢᠳᠬᠡᠬᠦ᠂ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ᠲᠣᠭᠲᠠᠮᠠᠯ ᠬᠥᠷᠥᠩᠭᠡ ᠶᠢᠨ ᠡᠳ᠋ ᠤᠨ ᠶᠠᠪᠤᠳᠠᠯ ᠤᠨ ᠳᠠᠩᠰᠠ ᠪᠣᠯᠣᠨ ᠲᠣᠭᠲᠠᠮᠠᠯ ᠬᠥᠷᠥᠩᠭᠡ ᠶᠢᠨ ᠡᠬᠡ ᠳᠠᠩᠰᠠᠨ ᠳᠤ ᠲᠦᠰᠢᠭᠯᠡᠨ᠂ ᠲᠤᠰ ᠨᠢᠭᠡᠴᠢ ᠶᠢᠨ ᠢᠶᠠᠨ ᠡᠳ᠋ ᠬᠥᠷᠥᠩᠭᠡ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ ᠬᠡᠷᠡᠭᠯᠡᠵᠦ ᠪᠠᠶᠢᠭ᠎ᠠ᠂ ᠲᠦᠷᠢᠶᠡᠰᠦᠯᠡᠭᠦᠯᠵᠦ ᠪᠠᠶᠢᠭ᠎ᠠ᠂ ᠵᠢᠭᠡᠯᠡᠭᠦᠯᠵᠦ ᠪᠠᠶᠢᠭ᠎ᠠ᠂ ᠪᠦᠷᠢᠳᠬᠡᠭᠰᠡᠨ ᠣᠯᠵᠠᠪᠤᠷᠢ᠂ ᠪᠦᠷᠢᠳᠬᠡᠭᠰᠡᠨ ᠠᠯᠳᠠᠭᠳᠠᠯ᠂ ᠬᠡᠷᠡᠭᠯᠡᠭᠡᠨ ᠠᠴᠠ ᠭᠠᠷᠭᠠᠬᠤ᠂ ᠰᠤᠯᠠ ᠲᠠᠯᠪᠢᠵᠤ ᠪᠠᠶᠢᠭ᠎ᠠ ᠪᠠᠶᠢᠳᠠᠯ ᠢ ᠲᠥᠷᠥᠯ ᠬᠤᠪᠢᠶᠠᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠡᠬᠡ ᠲᠠᠩᠰᠠ ᠶᠢ ᠨᠠᠷᠢᠨ ᠲᠡᠮᠳᠡᠭᠯᠡᠵᠦ᠂ ᠪᠦᠷᠢᠳᠬᠡᠭᠰᠡᠨ ᠣᠯᠵᠠᠪᠤᠷᠢ ᠶᠢᠨ ᠡᠳ᠋ ᠬᠥᠷᠥᠩᠭᠡ ᠶᠢ ᠨᠢᠭᠲᠠᠯᠠᠨ ᠪᠤᠳᠤᠬᠤ ᠳᠦᠷᠢᠮ ᠳᠤ ᠲᠣᠭᠲᠠᠭᠠᠭᠰᠠᠨ ᠠᠷᠭ᠎ᠠ ᠪᠠᠷ ᠴᠠᠭ ᠲᠤᠬᠠᠢ ᠳᠤᠨᠢ ᠳᠡᠩᠰᠡᠯᠡᠨ ᠲᠡᠮᠳᠡᠭᠯᠡᠵᠦ᠂ ᠪᠦᠷᠢᠳᠬᠡᠭᠰᠡᠨ ᠠᠯᠳᠠᠭᠳᠠᠯ ᠪᠠ ᠬᠡᠷᠡᠭᠯᠡᠭᠡᠨ ᠠᠴᠠ ᠭᠠᠷᠭᠠᠭᠰᠠᠨ ᠡᠳ᠋ ᠬᠥᠷᠥᠩᠭᠡ ᠶᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠬᠢᠨᠠᠨ  ᠪᠠᠶᠢᠴᠠᠭᠠᠯᠭᠠᠭᠰᠠᠨ ᠤ ᠳᠠᠷᠠᠭ᠎ᠠ ᠡᠳ᠋ ᠬᠥᠷᠥᠩᠭᠡ ᠶᠢ ᠰᠢᠢᠳᠪᠦᠷᠢᠯᠡᠬᠦ ᠲᠣᠭᠲᠠᠭᠰᠠᠨ ᠲᠠᠰ ᠳᠠᠷᠠᠭᠠᠯᠠᠯ ᠢᠶᠠᠷ ᠲᠥᠷᠥᠯ ᠬᠤᠪᠢᠶᠠᠨ ᠰᠢᠢᠳᠪᠦᠷᠢᠯᠡᠨ᠎ᠡ︔ ᠥᠩᠭᠡᠷᠡᠭᠰᠡᠨ ᠳᠤ ᠲᠣᠭᠲᠠᠮᠠᠯ ᠬᠥᠷᠥᠩᠭᠡ ᠶᠢ ᠪᠥᠭᠡᠮ ᠢᠶᠠᠷ ᠬᠤᠳᠠᠯᠳᠤᠨ ᠠᠪᠴᠤ ᠳᠠᠩᠰᠠᠯᠠᠭᠰᠠᠨ ᠲᠣᠭᠲᠠᠮᠠᠯ ᠬᠥᠷᠥᠩᠭᠡ ᠶᠢᠨ ᠺᠠᠷᠲ ᠤᠨ ᠲᠡᠩᠰᠠ ᠶᠢ ᠰᠠᠯᠭᠠᠨ ᠳᠠᠩᠰᠠᠯᠠᠵᠤ᠂ ᠨᠢᠭᠡ ᠪᠣᠳᠠᠰ ᠲᠤ ᠨᠢᠭᠡ ᠺᠠᠷᠲ᠂ ᠨᠢᠭᠡ ᠪᠣᠳᠠᠰ ᠲᠤ ᠨᠢᠭᠡ ᠺᠣᠳ᠋ ᠨᠠᠭᠠᠵᠤ ᠬᠠᠮᠢᠶᠠᠷᠤᠨ᠎ᠠ︔ ᠬᠤᠶᠠᠷ ᠬᠡᠮᠵᠢᠯᠲᠦ ᠺᠣᠳ᠋ ᠢ ᠨᠠᠭᠠᠭᠰᠠᠨ ᠤ ᠳᠠᠷᠠᠭ᠎ᠠ᠂ ᠬᠤᠶᠠᠷ ᠬᠡᠮᠵᠢᠯᠲᠦ ᠺᠣᠳ᠋ ᠨᠠᠭᠠᠭᠰᠠᠨ ᠡᠳ᠋ ᠬᠥᠷᠥᠩᠭᠡ ᠶᠢᠨ ᠺᠣᠳ᠋ ᠢ ᠴᠠᠭ ᠲᠤᠬᠠᠢ ᠳᠤᠨᠢ ᠰᠢᠷᠪᠢᠵᠦ ᠲᠣᠭᠠᠯᠠᠨ ᠪᠦᠷᠢᠳᠬᠡᠵᠦ᠂ ᠲᠣᠰ ᠨᠢᠭᠡᠴᠢ ᠶᠢᠨ ᠲᠣᠭᠲᠠᠮᠠᠯ ᠬᠥᠷᠥᠩᠭᠡ ᠶᠢ ᠪᠦᠭᠦᠳᠡ ᠶᠢ ᠲᠡᠮᠳᠡᠭᠴᠢᠯᠡᠨ᠎ᠡ᠃      ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠶᠢᠨ ᠬᠦᠰᠦᠨᠦᠭᠲᠦ ᠶᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠪᠢᠴᠢᠨ᠎ᠡ᠃ ᠮᠡᠳᠡᠭᠦᠯᠦᠯᠲᠡ ᠳᠤ ᠭᠤᠣᠯᠳᠠᠭᠤ ᠲᠣᠰ ᠨᠢᠭᠡᠴᠢ ᠶᠢᠨ ᠦᠨᠳᠦᠰᠦᠨ ᠪᠠᠶᠢᠳᠠᠯ ᠪᠠ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠬᠤ ᠠᠵᠢᠯ ᠤᠨ ᠶᠡᠷᠦᠩᠬᠡᠢ ᠪᠠᠶᠢᠳᠠᠯ᠂ ᠠᠵᠢᠯ ᠤᠨ ᠦᠷ᠎ᠡ ᠳ᠋ᠦᠩ ᠢ ᠲᠤᠰᠬᠠᠨ᠎ᠠ᠂ ᠡᠭᠦᠨ ᠳᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠰᠠᠭᠤᠷᠢ ᠪᠠᠷᠢᠮᠵᠢᠶᠠᠲᠤ ᠡᠳᠦᠷ᠂ ᠬᠡᠪᠴᠢᠶ᠎ᠡ᠂ ᠠᠭᠤᠯᠭ᠎ᠠ᠂ ᠦᠷ᠎ᠡ ᠳ᠋ᠦᠩ᠂ ᠰᠠᠭᠤᠷᠢ ᠪᠠᠷᠢᠮᠵᠢᠶᠠᠲᠤ ᠡᠳᠦᠷ ᠤᠨ ᠲᠣᠭᠲᠠᠮᠠᠯ ᠬᠥᠷᠥᠩᠭᠡ ᠶᠢᠨ ᠡᠳ᠋ ᠤᠨ ᠶᠠᠪᠤᠳᠠᠯ ᠤᠨ ᠪᠠᠶᠢᠳᠠᠯ ᠵᠢᠴᠢ ᠲᠡᠮᠳᠡᠭᠴᠢᠯᠡᠬᠦ ᠠᠵᠢᠯ ᠢ ᠪᠡᠶᠡᠯᠡᠭᠦᠯᠦᠭᠰᠡᠨ ᠪᠠᠶᠢᠳᠠᠯ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠭᠲᠠᠨ᠎ᠠ᠃ ᠡᠯ᠎ᠡ ᠪᠠᠶᠢᠭᠤᠯᠭ᠎ᠠ ᠨᠢᠭᠡᠴᠢ 2024 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠭᠤᠣᠯᠯᠠᠨ ᠬᠠᠮᠢᠶᠠᠷᠬᠤ ᠪᠠᠶᠢᠭᠤᠯᠭ᠎ᠠ ᠪᠠᠷ ᠬᠢᠨᠠᠨ ᠬᠠᠷᠭᠤᠭᠤᠯᠤᠯᠲᠠ ᠬᠢᠯᠭᠡᠭᠰᠡᠨ ᠤ ᠳᠠᠷᠠᠭ᠎ᠠ ᠲᠣᠰ ᠪᠠᠶᠢᠭᠤᠯᠭ᠎ᠠ ᠨᠢᠭᠡᠴᠢ ᠵᠢᠴᠢ ᠬᠤᠶᠠᠳᠤᠭᠠᠷ ᠳᠡᠰ ᠤᠨ ᠪᠠᠶᠢᠭᠤᠯᠭ᠎ᠠ ᠨᠢᠭᠡᠴᠢ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ᠂ ᠮᠡᠳᠡᠭᠦᠯᠬᠦ ᠬᠦᠰᠦᠨᠦᠭᠲᠦ ︵ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ︶ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 512 ᠠᠯᠪᠠᠨ ᠭᠡᠷ︶ ᠲᠤ ᠨᠢᠭᠡᠳᠦᠯᠲᠡᠢ ᠮᠡᠳᠡᠭᠦᠯᠦᠨ ᠬᠦᠷᠭᠡᠨ᠎ᠡ᠃       ︵ᠳᠥᠷᠪᠡ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠬᠠᠷᠭᠤᠭᠤᠯᠤᠨ ᠪᠠᠶᠢᠴᠠᠭᠠᠬᠤ ᠱᠠᠲᠤ ︵2024 ᠣᠨ ᠤ 8 ᠳ᠋ᠤᠭᠠᠷ ᠰᠠᠷ᠎ᠠ ᠶᠢᠨ 16 ᠤ ᠡᠳᠦᠷ ᠠᠴᠠ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ︶       ⒈ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠷᠦᠭᠦᠯᠡᠨ ᠬᠢᠵᠤ᠂ ᠭᠤᠷᠪᠠᠳᠡᠬᠢ ᠲᠠᠯ᠎ᠠ ᠶᠢᠨ ᠪᠠᠶᠢᠭᠤᠯᠤᠮᠵᠢ ᠶᠢ ᠤᠷᠢᠵᠤ ᠳᠤᠭᠤᠶᠢᠯᠠᠩ ᠬᠤᠪᠢᠶᠠᠨ ᠡᠯ᠎ᠡ ᠨᠢᠭᠡᠴᠢ ᠶᠢᠨ ᠲᠣᠭᠲᠠᠮᠠᠯ ᠬᠥᠷᠥᠩᠭᠡ ᠶᠢ ᠲᠡᠮᠳᠡᠭᠴᠢᠯᠡᠬᠦ ᠠᠵᠢᠯ ᠵᠢᠴᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠪᠠᠶᠢᠳᠠᠯ ᠢ ᠬᠠᠷᠭᠤᠭᠤᠯᠤᠨ ᠪᠠᠶᠢᠴᠠᠭᠠᠯᠭᠠᠨ᠎ᠠ᠃       ⒉ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠨᠢ ᠡᠯ᠎ᠡ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠲᠣᠭᠲᠠᠮᠠᠯ ᠬᠥᠷᠥᠩᠭᠡ ᠶᠢ ᠲᠥᠷᠥᠯ ᠬᠤᠪᠢᠶᠠᠨ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠎ᠠ᠃       ⒊ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠨᠢ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ᠂ ᠰᠢᠯᠭᠠᠨ ᠭᠡᠷᠡᠴᠢᠯᠡᠭᠰᠡᠨ ᠮᠡᠳᠡᠭᠦᠯᠦᠯᠲᠡ ᠶᠢ ᠲᠤᠰᠢᠶᠠᠨ᠎ᠠ᠃       ︵ᠲᠠᠪᠤ︶ ᠳ᠋ᠦᠩᠨᠡᠨ ᠬᠤᠷᠢᠶᠠᠩᠭᠤᠶᠢᠯᠠᠵᠤ ᠴᠡᠭᠴᠡᠯᠡᠨ ᠰᠠᠶᠢᠵᠢᠷᠠᠭᠤᠯᠬᠤ ᠱᠠᠲᠤ ︵2024 ᠣᠨ ᠤ 12 ᠳ᠋ᠤᠭᠠᠷ ᠰᠠᠷ᠎ᠠ ᠪᠣᠯᠲᠠᠯ᠎ᠠ︶       ⒈ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ᠎ᠠ᠃ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠳ᠋ᠦᠩᠨᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠪᠠᠶᠢᠳᠠᠯ ᠢ ᠮᠡᠳᠡᠭᠦᠯᠦᠨ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠵᠢᠷᠤᠮᠵᠢᠭᠤᠯᠬᠤ ᠳᠤ ᠰᠠᠶᠢᠵᠢᠷᠠᠭᠤᠯᠬᠤ ᠠᠷᠭ᠎ᠠ ᠪᠠᠷᠢᠯ ᠳᠤᠷᠠᠳᠤᠨ᠎ᠠ᠃       ⒉ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠬᠠᠮᠢᠶ᠎ᠠ ᠪᠦᠬᠦᠢ ᠲᠣᠭᠲᠠᠭᠠᠯ ᠪᠠ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠵᠢᠴᠢ ᠠᠷᠭ᠎ᠠ ᠶᠢ ᠰᠤᠳᠤᠯᠤᠨ ᠲᠡᠭᠦᠯᠳᠡᠷᠵᠢᠭᠦᠯᠦᠨ᠎ᠡ᠃       ⒊ᠡᠯ᠎ᠡ ᠨᠢᠭᠡᠴᠢ ᠥᠪᠡᠷ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠳᠣᠲᠣᠭᠠᠳᠤ ᠳᠠᠭᠠᠨ ᠡᠵᠡᠮᠳᠡᠬᠦ ᠳᠦᠷᠢᠮ ᠢᠶᠠᠨ ᠲᠡᠭᠦᠯᠳᠡᠷᠵᠢᠭᠦᠯᠵᠦ᠂ ᠨᠢᠭᠡᠴᠢ ᠶᠢᠨ ᠳᠣᠲᠣᠭᠠᠳᠤ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠪᠠᠶᠢᠴᠠᠭᠠᠨ ᠲᠣᠳᠣᠷᠬᠠᠶᠢᠯᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠭᠠᠷ ᠭᠦᠢᠴᠡᠳᠬᠡᠯ ᠢ ᠲᠡᠭᠦᠯᠳᠡᠷᠵᠢᠭᠦᠯᠬᠦ᠂ ᠰᠢᠯᠵᠢᠭᠦᠯᠦᠨ ᠬᠡᠷᠡᠭᠯᠡᠬᠦ᠂ ᠡᠳ᠋ ᠬᠥᠷᠥᠩᠭᠡ ᠶᠢᠨ ᠳᠠᠩᠰᠠᠨ ᠳᠤ ᠲᠣᠬᠢᠷᠠᠭᠤᠯᠤᠯᠲᠠ ᠬᠢᠬᠦ᠂ ᠡᠳ᠋ ᠬᠥᠷᠥᠩᠭᠡ ᠶᠢ ᠬᠠᠷᠭᠤᠭᠤᠯᠤᠨ ᠲᠠᠩᠰᠠᠨ ᠠᠴᠠ ᠭᠠᠷᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠤᠭᠤᠷᠣᠨᠳᠣᠬᠢ ᠲᠠᠩᠰᠠ ᠪᠠ ᠲᠠᠩᠰᠠ ᠶᠢ ᠨᠡᠶᠢᠴᠡᠭᠦᠯᠬᠦ᠂ ᠡᠳ᠋ ᠬᠥᠷᠥᠩᠭᠡ ᠶᠢᠨ ᠲᠠᠩᠰᠠ ᠬᠢᠭᠡᠳ ᠪᠣᠳᠠᠲᠤ ᠪᠣᠳᠠᠰ ᠤᠨ ᠬᠤᠭᠤᠷᠣᠨᠳᠣᠬᠢ ᠲᠠᠩᠰᠠ ᠪᠠ ᠪᠣᠳᠠᠲᠤ ᠪᠠᠶᠢᠳᠠᠯ ᠢ ᠨᠡᠶᠢᠴᠡᠭᠦᠯᠦᠨ᠎ᠡ᠃       ᠲᠠᠪᠤ᠂ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ       ︵ᠨᠢᠭᠡ︶ ᠪᠠᠶᠢᠴᠠᠭᠠᠭᠳᠠᠬᠤ ᠨᠢᠭᠡᠴᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠶᠢᠨ ᠬᠠᠮᠲᠤ ᠪᠠᠶᠢᠴᠠᠭᠠᠭᠳᠠᠬᠤ ᠨᠢᠭᠡᠴᠢ ᠶᠢᠨ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢ ᠬᠦᠯᠢᠶᠡᠨ ᠠᠪᠤᠨ᠎ᠠ᠃       ︵ᠬᠤᠶᠠᠷ︶ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠥᠯ ᠶᠣᠰᠣᠭᠠᠷ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠪᠤᠳᠤᠬᠤ ᠠᠵᠢᠯ ᠢ ᠪᠡᠶᠡᠯᠡᠭᠦᠯᠦᠨ᠎ᠡ᠃       ︵ᠭᠤᠷᠪᠠ︶ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠪᠠᠶᠢᠴᠠᠭᠠᠭᠳᠠᠬᠤ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠣᠯᠵᠤ ᠮᠡᠳᠡᠪᠡᠯ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠲᠤ ᠬᠠᠷᠢᠭᠤ ᠮᠡᠳᠡᠭᠦᠯᠬᠦ ᠶᠢᠨ ᠬᠠᠮᠲᠤ᠂ ᠠᠰᠠᠭᠤᠳᠠᠯ ᠢ ᠰᠢᠢᠳᠪᠦᠷᠢᠯᠡᠬᠦ ᠪᠠ ᠬᠠᠮᠢᠶᠠᠷᠤᠯᠲᠠ ᠶᠢ ᠴᠢᠩᠭᠠᠳᠬᠠᠬᠤ ᠰᠠᠨᠠᠭᠤᠯᠭ᠎ᠠ ᠳᠤᠷᠠᠳᠤᠨ᠎ᠠ᠃       ︵ᠳᠥᠷᠪᠡ︶ ᠢᠯᠭᠠᠷᠠᠭᠤᠯᠤᠨ ᠪᠠᠶᠢᠴᠠᠭᠠᠭᠰᠠᠨ ᠨᠢᠭᠡᠴᠢ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ᠎ᠠ᠃       ︵ᠲᠠᠪᠤ︶ ᠬᠢᠨᠠᠨ ᠪᠣᠳᠣᠯᠲᠠ ᠬᠢᠯᠭᠡᠭᠰᠡᠨ ᠨᠢᠭᠡᠴᠢ ᠳᠤ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ᠂ ᠲᠤᠰᠬᠠᠢ ᠠᠵᠤ ᠠᠬᠤᠢ ᠶᠢᠨ ᠰᠢᠯᠭᠠᠨ ᠭᠡᠷᠡᠴᠢᠯᠡᠭᠰᠡᠨ ᠭᠡᠷᠡᠴᠢ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠴᠠᠭ ᠲᠤᠬᠠᠢ ᠳᠤᠨᠢ ᠲᠤᠰᠢᠶᠠᠨ᠎ᠠ᠃       ︵ᠵᠢᠷᠭᠤᠭ᠎ᠠ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃       ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ       ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠤᠳᠤᠷᠢᠳᠴᠤ ᠬᠡᠷᠡᠭᠵᠢᠭᠦᠯᠬᠦ ᠶᠢ ᠬᠠᠷᠢᠭᠤᠴᠠᠭᠤᠯᠬᠤ ᠪᠠᠷ ᠲᠣᠭᠲᠠᠪᠠ᠂ ᠪᠣᠳᠠᠲᠠᠢ ᠪᠦᠷᠢᠯᠳᠦᠭᠦᠨ ᠨᠢ ᠳᠣᠣᠷᠠᠬᠢ ᠮᠡᠲᠦ᠄       ᠳᠤᠭᠤᠶᠢᠯᠠᠩ ᠤᠨ ᠳᠠᠷᠤᠭ᠎ᠠ᠄ ᠰᠢᠦᠢ ᠷᠦᠢ ᠹᠧᠩ       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄ ᠵᠠᠩ ᠴᠢᠨ       ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ                           ᠭᠤᠸ ᠯᠢ                ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠲᠣᠪᠴᠢᠶᠠᠨ ᠳᠠᠷᠤᠭ᠎ᠠ       ᠪᠦᠷᠢᠯᠳᠦᠭᠦᠨ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤ ᠶᠢᠨ ᠬᠠᠷᠢᠭᠤᠴᠠᠯᠭᠠᠲᠠᠨ       ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ ᠵᠠᠩ ᠴᠢᠨ ᠨᠥᠬᠦᠷ ᠬᠠᠪᠰᠤᠷᠭᠠᠵᠤ ᠡᠭᠦᠷᠭᠡᠯᠡᠨ᠂ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠰᠥᠯ ᠢ ᠲᠣᠭᠲᠠᠭᠠᠨ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃       ᠳᠣᠯᠤᠭ᠎ᠠ᠂ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠢ ᠴᠢᠬᠤᠯᠠ ᠠᠵᠢᠯ ᠪᠣᠯᠣᠨ᠎ᠠ᠂ ᠬᠤᠯᠪᠣᠭᠳᠠᠬᠤ ᠠᠵᠢᠯ ᠠᠷᠪᠢᠨ᠂ ᠠᠭᠤᠯᠭ᠎ᠠ ᠨᠢ ᠪᠤᠳᠤᠯᠢᠶᠠᠨᠲᠠᠢ ᠪᠣᠯᠬᠤᠷ ᠡᠯ᠎ᠡ ᠨᠢᠭᠡᠴᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠡᠯ᠎ᠡ ᠨᠢᠭᠡᠴᠢ ᠶᠢᠨ ᠬᠠᠤᠯᠢ ᠶᠢᠨ ᠡᠷᠬᠡᠲᠡᠨ ᠤ ᠲᠥᠯᠥᠭᠡᠯᠡᠭᠴᠢ ᠪᠣᠯ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠨᠢᠭᠡᠳᠦᠭᠡᠷ ᠬᠠᠷᠢᠭᠤᠴᠠᠯᠭᠠᠲᠠᠨ ᠮᠥᠨ᠂ ᠪᠡᠶ᠎ᠡ ᠪᠠᠷ ᠢᠶᠠᠨ ᠠᠰᠠᠭᠤᠨ ᠯᠠᠪᠯᠠᠬᠤ ᠶᠢᠨ ᠬᠠᠮᠲᠤ ᠢᠯᠭᠠᠷᠠᠭᠤᠯᠤᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠡᠳ᠋ ᠬᠥᠷᠥᠩᠭᠡ᠂ ᠡᠳ᠋ ᠤᠨ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠪᠠᠷ ᠪᠦᠷᠢᠯᠳᠦᠭᠰᠡᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ᠂ ᠬᠠᠮᠢᠶ᠎ᠠ ᠪᠦᠬᠦᠢ ᠲᠠᠰᠤᠭ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠢᠭᠡᠴᠢ᠂ ᠲᠠᠰᠤᠭ ᠪᠠ ᠠᠵᠢᠯᠲᠠᠨ ᠳᠤ ᠬᠦᠷᠲᠡᠯ᠎ᠡ ᠨᠠᠶᠢᠳᠠᠪᠤᠷᠢᠵᠢᠭᠤᠯᠤᠨ᠎ᠠ᠃       ︵ᠬᠤᠶᠠᠷ︶ ᠠᠵᠢᠯ ᠤᠨ ᠶᠠᠰᠤ ᠴᠢᠨᠠᠷ ᠢ ᠪᠠᠲᠤᠯᠠᠨ᠎ᠠ᠃ ᠡᠯ᠎ᠡ ᠨᠢᠭᠡᠴᠢ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠴᠢᠬᠤᠯᠠᠴᠢᠯᠠᠵᠤ᠂ ᠲᠣᠰ ᠲᠥᠰᠥᠯ ᠵᠢᠴᠢ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠬᠢᠨᠠᠮᠠᠭᠠᠢ ᠰᠤᠷᠤᠯᠴᠠᠭᠰᠠᠨ ᠰᠠᠭᠤᠷᠢᠨ ᠳᠡᠭᠡᠷ᠎ᠡ᠂ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠪᠣᠳᠠᠲᠠᠢ ᠠᠵᠢᠯ ᠤᠨ ᠲᠥᠰᠥᠯ ᠢ ᠲᠣᠭᠲᠠᠭᠠᠵᠤ᠂ ᠤᠬᠠᠭᠤᠯᠤᠨ ᠳᠠᠶᠢᠴᠢᠯᠠᠬᠤ ᠪᠠ  ᠪᠣᠯᠪᠠᠰᠤᠷᠠᠯ ᠬᠢᠬᠦ ᠠᠵᠢᠯ ᠢ ᠰᠠᠶᠢᠲᠤᠷ ᠬᠢᠵᠦ᠂ ᠲᠣᠰ ᠨᠢᠭᠡᠴᠢ ᠶᠢᠨ ᠢᠶᠠᠨ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ︔ ᠱᠠᠲᠤ ᠳᠠᠷᠠᠭᠠᠯᠠᠨ ᠬᠢᠨᠠᠨ ᠬᠠᠷᠭᠤᠭᠤᠯᠵᠤ᠂ ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠦᠷ᠎ᠡ ᠳ᠋ᠦᠩ ᠳᠤ ᠨᠢᠭᠡᠴᠢ ᠶᠢᠨ ᠡᠳ᠋ ᠬᠥᠷᠥᠩᠭᠡ ᠪᠠ ᠡᠳ᠋ ᠤᠨ ᠶᠠᠪᠤᠳᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠢ᠂ ᠪᠦᠷᠢᠨ ᠪᠦᠲᠦᠨ ᠢᠶᠠᠷ ᠲᠤᠰᠬᠠᠨ᠂ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠵᠦ ᠪᠣᠯᠬᠤ ᠦᠭᠡᠢ᠂ ᠨᠢᠭᠤᠨ ᠳᠠᠷᠤᠵᠤ ᠪᠣᠯᠬᠤ ᠦᠭᠡᠢ᠂ ᠨᠡᠶᠢᠭᠡᠮ ᠤᠨ ᠵᠠᠭᠤᠴᠢ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠡᠷᠭᠢᠯᠡᠬᠦ ᠳᠤ ᠭᠠᠷ ᠳᠦᠷᠦᠵᠦ ᠪᠣᠯᠬᠤ ᠦᠭᠡᠢ︔ ᠬᠠᠷᠢᠯᠴᠠᠵᠤ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠱᠠᠲᠤ ᠱᠠᠲᠤ ᠪᠠᠷ ᠲᠤᠰᠬᠠᠨ᠎ᠠ᠃       ︵ᠭᠤᠷᠪᠠ︶ ᠢᠯᠭᠠᠷᠠᠭᠤᠯᠤᠭᠰᠠᠨ ᠤ ᠳᠠᠷᠠᠭ᠎ᠠ ᠲᠠᠬᠢᠨ ᠵᠢᠷᠤᠮᠵᠢᠯ ᠦᠭᠡᠢ ᠪᠣᠯᠬᠤ ᠠᠴᠠ ᠴᠢᠩᠭ᠎ᠠ ᠰᠡᠷᠭᠡᠶᠢᠯᠡᠨ᠎ᠡ᠃ ᠡᠯ᠎ᠡ ᠨᠢᠭᠡᠴᠢ ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠦᠷ᠎ᠡ ᠳ᠋ᠦᠩ ᠢ ᠰᠠᠶᠢᠲᠤᠷ ᠠᠰᠢᠭᠯᠠᠨ᠂ ᠢᠯᠭᠠᠷᠠᠭᠤᠯᠤᠭᠰᠠᠨ ᠤ ᠳᠠᠷᠠᠭ᠎ᠠ ᠲᠠᠬᠢᠨ ᠵᠢᠷᠤᠮᠵᠢᠯ ᠦᠭᠡᠢ ᠪᠣᠯᠬᠤ ᠠᠴᠠ ᠰᠡᠷᠭᠡᠶᠢᠯᠡᠨ᠎ᠡ᠃ ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠦᠷ᠎ᠡ ᠳ᠋ᠦᠩ ᠢ ᠲᠠᠷᠠᠭᠠᠴᠢ ᠶᠢᠨ ᠣᠨ ᠤ ᠪᠠᠶᠢᠭᠤᠯᠭ᠎ᠠ ᠶᠢᠨ ᠲᠥᠰᠥᠪ ᠤᠨ ᠭᠦᠢᠴᠡᠳᠬᠡᠯ᠂ ᠡᠳ᠋ ᠬᠥᠷᠥᠩᠭᠡ ᠶᠢᠨ ᠲᠥᠰᠥᠪ ᠤᠨ ᠭᠦᠢᠴᠡᠳᠬᠡᠯ ᠵᠡᠷᠭᠡ ᠡᠯ᠎ᠡ ᠲᠥᠷᠥᠯ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠥᠰᠦᠨᠦᠭ ᠢ ᠨᠠᠶᠢᠷᠠᠭᠤᠯᠤᠨ ᠵᠣᠬᠢᠶᠠᠬᠤ ᠴᠢᠬᠤᠯᠠ ᠦᠨᠳᠦᠰᠦᠯᠡᠯ ᠪᠣᠯᠭᠠᠵᠤ᠂ ᠮᠡᠳᠡᠭᠦᠯᠦᠯᠲᠡ ᠶᠢᠨ ᠬᠥᠰᠦᠨᠦᠭ ᠤᠨ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠲᠥᠰᠥᠪ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠣᠯᠦᠩ ᠳᠤ ᠲᠣᠭᠲᠠᠮᠠᠯ ᠬᠥᠷᠥᠩᠭᠡ ᠶᠢᠨ ᠪᠦᠷᠢᠨ ᠪᠦᠲᠦᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠡᠳ᠋ ᠬᠥᠷᠥᠩᠭᠡ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠰᠢᠨᠡᠳᠬᠡᠨ᠂ ᠲᠣᠭᠲᠠᠮᠠᠯ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠵᠦ᠂ ᠡᠳ᠋ ᠬᠥᠷᠥᠩᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠳᠤ ᠰᠠᠭᠤᠷᠢ ᠲᠠᠯᠪᠢᠨ᠎ᠠ︔ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠢᠯᠡᠷᠡᠭᠰᠡᠨ ᠡᠳ᠋ ᠤᠨ ᠶᠠᠪᠤᠳᠠᠯ᠂ ᠡᠳ᠋ ᠬᠥᠷᠥᠩᠭᠡ ᠪᠤᠶᠤ ᠪᠤᠰᠤᠳ ᠲᠠᠯ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠠᠰᠠᠭᠤᠳᠠᠯ ᠤᠨ ᠰᠢᠯᠲᠠᠭᠠᠨ ᠢ ᠨᠢ ᠨᠢᠭᠡᠳ ᠨᠢᠭᠡ ᠪᠠᠷ ᠭᠦᠨᠵᠡᠭᠡᠢ ᠵᠠᠳᠠᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ᠂ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠵᠤ᠂ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠦᠷᠢᠯᠡᠨ᠂ ᠡᠳᠦᠷ ᠲᠤᠲᠤᠮ ᠤᠨ ᠳᠦᠷᠢᠮ ᠢ ᠲᠡᠭᠦᠯᠳᠡᠷᠵᠢᠭᠦᠯᠵᠦ᠂ ᠡᠶᠢᠮᠦᠷᠬᠦ ᠠᠰᠠᠭᠤᠳᠠᠯ ᠳᠠᠭᠢᠵᠤ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ