ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ | ᠲᠤᠬᠠᠢ ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ | ᠪᠠ ᠳᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠷᠢᠯᠴᠠᠬᠤ ᠬᠤᠷᠠᠯ ᠳᠡᠭᠡᠷ᠎ᠡ᠂ ᠶᠠᠩ ᡁᠢ ᠶᠦᠩ᠂ ᠵᠦᠩ ᠵᠧᠩ ᠱᠧᠩ᠂ ᠵᠤᠤ ᠵᠦᠩ ᠰᠢᠤ᠂ ᠮᠢᠶᠣᠣ ᠶᠠᠨ ᠯᠢᠶᠠᠩ᠂ ᠱᠤᠤ ᠲᠢᠶᠠᠨ ᠯᠠᠨ᠂ ᠵᠤᠤ ᠫᠧᠩ᠂ | ᠵᠧᠩ ᠰᠢᠤᠸᠠᠢ ᠰᠢᠤᠸᠠᠨ᠂ ᠵᠠᠩ ᠱᠢ ᠱᠦᠨ ᠨᠠᠷ ᠤᠷᠢᠳ ᠬᠤᠵᠢᠳ ᠶᠠᠷᠢᠶ᠎ᠠ ᠲᠠᠯᠪᠢᠵᠠᠢ᠃ ᠤᠯᠠᠨ ᠤ ᠦᠵᠡᠬᠦ ᠪᠠᠷ᠂ ᠡᠨᠡ ᠵᠢᠯ ᠠᠴᠠ ᠨᠠᠭᠠᠰᠢ᠂ ᠡᠭᠡᠳᠡᠷᠡᠭᠡᠨ | ᠪᠤᠳᠤᠯᠢᠶᠠᠨᠲᠠᠢ ᠭᠠᠳᠠᠭᠠᠳᠤ ᠣᠷᠴᠢᠨ ᠤ ᠡᠮᠦᠨ᠎ᠡ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ᠂ ᠰᠢᠨ᠎ᠡ ᠬᠥᠳᠡᠯᠭᠡᠬᠦ ᠡᠨᠧᠷᠭᠢ | ᠲᠦᠷᠭᠡᠨ ᠦᠰᠦᠨ ᠪᠤᠵᠠᠭᠠᠶᠢᠷᠠᠵᠤ᠂ ᠠᠮᠵᠢᠯᠲᠠ ᠶᠢ ᠬᠢᠯᠪᠠᠷᠬᠠᠨ ᠢᠶᠠᠷ ᠣᠯᠣᠭᠰᠠᠨ ᠪᠢᠰᠢ ᠶᠤᠮ᠃ ᠣᠳᠣᠬᠠᠨ ᠳᠤ ᠬᠡᠳᠦ᠋ᠢᠪᠡᠷ ᠴᠥᠭᠡᠨ ᠪᠤᠰᠤ ᠬᠦᠴᠢᠷᠳᠡᠯ | ᠥᠷᠢᠰᠦᠯᠳᠦᠭᠡᠨ ᠳᠤ ᠲᠤᠯᠭᠠᠷᠠᠵᠤ ᠪᠠᠶᠢᠭ᠎ᠠ ᠪᠣᠯᠪᠠᠴᠤ ᠲᠦᠷᠦ ᠶᠢᠨ ᠪᠣᠳᠣᠯᠭ᠎ᠠ ᠶᠢᠨ ᠦᠢᠯᠡᠳᠦᠯ ᠦᠷᠭᠦᠯᠵᠢᠯᠡᠨ ᠢᠯᠡᠷᠡᠵᠦ᠂ ᠵᠠᠬ᠎ᠠ ᠳᠡᠯᠭᠡᠭᠦᠷ ᠤᠨ ᠢᠳᠡᠪᠬᠢ | ᠬᠦᠴᠦᠨ ᠲᠥᠪᠯᠡᠷᠡᠨ ᠣᠯᠠᠰᠢᠷᠠᠵᠤ ᠪᠠᠶᠢᠨ᠎ᠠ᠃ ᠤᠯᠠᠨ ᠢᠶᠠᠷ ᠢᠶᠠᠨ ᠪᠠᠰᠠ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠵᠥᠷᠢᠴᠡᠯ ᠠᠰᠠᠭᠤᠳᠠᠯ ᠢ | ᠰᠢᠢᠳᠪᠦᠷᠢᠯᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | | | | | | 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠠᠵᠤ ᠠᠬᠤᠢ ᠶᠢᠨ ᠪᠠᠶᠢᠳᠠᠯ ᠤᠨ ᠲᠤᠬᠠᠢ | ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ | ᠲᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | | ᠯᠢ ᠴᠢᠶᠠᠩ ᠲᠤᠰᠬᠠᠢ ᠮᠡᠷᠭᠡᠵᠢᠯᠲᠡᠳ ᠠᠵᠤ ᠠᠬᠤᠶᠢᠯᠠᠯᠲᠠᠳ ᠤᠨ ᠶᠠᠷᠢᠶ᠎ᠠ ᠶᠢ ᠬᠢᠨᠠᠮᠠᠭᠠᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠡᠨᠡ | ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠢᠶᠠᠨ ᠡᠷᠴᠢᠮᠵᠢᠭᠦᠯᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠪᠴᠢᠯᠡᠨ ᠬᠥᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠪᠦᠲᠦᠴᠡ ᠨᠢ ᠲᠠᠰᠤᠷᠠᠯᠲᠠ ᠦᠭᠡᠢ | ᠲᠠᠰ ᠳᠡᠪᠰᠢᠪᠡ᠃ ᠡᠭᠦᠨ ᠤ ᠬᠠᠮᠲᠤ᠂ ᠣᠳᠣᠬᠠᠨ ᠤ ᠠᠵᠤ ᠠᠬᠤᠢ ᠶᠢᠨ ᠨᠡᠮᠡᠭᠳᠡᠯ ᠢ ᠨᠥᠯᠥᠭᠡᠯᠡᠵᠦ ᠪᠠᠶᠢᠭ᠎ᠠ ᠬᠦᠴᠦᠨ ᠵᠦᠢᠯ ᠥᠩᠭᠡᠷᠡᠭᠰᠡᠨ ᠤ ᠬᠢ ᠠᠴᠠ ᠨᠡᠩ | ᠪᠤᠳᠤᠯᠢᠶᠠᠨᠲᠠᠢ ᠪᠣᠯᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠬᠦᠴᠢᠷᠳᠡᠯ ᠲᠠᠢ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ | ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠠᠶᠢᠳᠠᠯ ᠢ ᠵᠠᠳᠠᠯᠵᠤ᠂ ᠠᠮᠵᠢᠯᠲᠠ ᠪᠠᠨ ᠣᠯᠵᠤ ᠦᠵᠡᠬᠦ ᠮᠥᠷᠲᠡᠭᠡᠨ ᠪᠠᠰᠠ | ᠠᠰᠠᠭᠤᠳᠠᠯ ᠠᠴᠠ ᠵᠠᠶᠢᠯᠠᠬᠤ ᠦᠭᠡᠢ ᠪᠠᠶᠢᠵᠤ᠂ ᠦᠨᠡᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ | ᠪᠡᠶᠡᠯᠡᠭᠦᠯᠬᠦ ᠶᠢᠨ ᠲᠣᠭᠤᠷᠢᠨ ᠳᠤ᠂ ᠬᠤᠷᠸ᠎ᠠ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ ᠦᠷᠭᠦᠯᠵᠢᠯᠡᠨ ᠬᠦᠴᠦᠯᠡᠵᠦ᠂ | ᠬᠠᠮᠲᠤᠷᠠᠯ ᠬᠦᠴᠦᠨ ᠢ ᠪᠦᠷᠢᠯᠳᠦᠭᠦᠯᠦᠨ᠂ ᠲᠦᠷᠦ ᠶᠢᠨ ᠪᠣᠳᠣᠯᠭ᠎ᠠ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠬᠤ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠨᠡᠮᠡᠭᠳᠡᠯ ᠤᠨ ᠣᠷᠣᠨ ᠵᠠᠢ ᠶᠢ ᠥᠷᠭᠡᠳᠬᠡᠬᠦ | ᠬᠡᠷᠡᠭᠲᠡᠢ᠃ ᠣᠳᠣᠬᠠᠨ ᠤ ᠮᠡᠷᠭᠡᠵᠢᠯ ᠤᠨ ᠳᠠᠪᠬᠤᠴᠠᠯ ᠨᠡᠩ ᠲᠦᠷᠭᠡᠨ᠂ ᠨᠤᠷᠠᠭᠠᠯᠲᠠ ᠶᠢᠨ ᠴᠢᠨᠠᠷᠲᠠᠢ ᠰᠢᠨ᠎ᠡ ᠡᠭᠦᠳᠦᠯᠲᠡ ᠨᠡᠩ ᠤᠯᠠᠨ᠂ ᠬᠦᠷᠢᠶ᠎ᠡ ᠴᠠᠷᠠᠭ᠎ᠠ | ᠠᠯᠤᠰᠯᠠᠭᠰᠠᠨ ᠠᠭᠤᠰᠤᠯᠴᠠᠯ ᠨᠡᠩ ᠭᠦᠨ ᠵᠡᠷᠭᠡ ᠰᠢᠨ᠎ᠡ ᠣᠨᠴᠠᠯᠢᠭ ᠤᠳ ᠲᠤ ᠵᠣᠬᠢᠴᠠᠭᠤᠯᠤᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠨᠡᠩ ᠤᠯᠠᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠵᠦᠢ ᠵᠣᠬᠢᠰ ᠦᠭᠡᠢ ᠪᠠᠶᠢᠭᠤᠯᠤᠯ ᠲᠣᠭᠲᠠᠴᠠ ᠶᠢ ᠥᠭᠡᠷᠡᠴᠢᠯᠡᠵᠦ᠂ | ᠡᠯ᠎ᠡ ᠲᠠᠯ᠎ᠠ ᠶᠢᠨ ᠬᠢᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠨᠡᠩ ᠰᠠᠶᠢᠲᠤᠷ ᠳᠠᠶᠢᠴᠢᠯᠠᠨ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠮᠠᠨ ᠤ ᠤᠯᠤᠰ ᠤᠨ ᠬᠡᠪᠴᠢᠶ᠎ᠡ ᠪᠠᠷ ᠠᠤᠭ᠎ᠠ ᠶᠡᠭᠡ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ | ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠠᠰᠢᠭᠯᠠᠨ᠂ ᠯᠤᠲᠤ ᠶᠡᠭᠡ ᠰᠢᠨ᠎ᠡ ᠶᠢ ᠡᠭᠦᠳᠬᠦ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠴᠢᠶᠠᠩ ᠡᠯ᠎ᠡ ᠠᠵᠤ ᠠᠬᠤᠶᠢᠯᠠᠯᠲᠠᠳ ᠢᠲᠡᠭᠡᠯ ᠵᠣᠷᠢᠭ ᠢᠶᠠᠨ ᠬᠦᠪᠴᠢᠯᠡᠨ᠂ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠴᠢᠷᠮᠠᠶᠢᠬᠤ ᠶᠢᠨ ᠬᠠᠮᠲᠤ ᠦᠨᠡᠨ ᠪᠣᠳᠠᠲᠤ ᠪᠠᠶᠢᠳᠠᠯ ᠢ ᠢᠯᠡᠭᠦᠬᠡᠨ ᠲᠤᠰᠬᠠᠵᠤ᠂ ᠪᠣᠳᠠᠲᠠᠢ ᠶᠢ | ᠡᠷᠬᠢᠮᠯᠡᠭᠰᠡᠨ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ᠃ ᠲᠤᠰᠬᠠᠢ ᠮᠡᠷᠭᠡᠵᠢᠯᠲᠡᠳ ᠡᠷᠳᠡᠮᠲᠡᠳ ᠮᠡᠷᠭᠡᠵᠢᠯ ᠢᠶᠠᠨ ᠪᠠᠳᠠᠷᠠᠭᠤᠯᠵᠤ᠂ ᠤᠨᠤᠯ ᠢ | ᠪᠣᠳᠠᠲᠠᠢ ᠲᠠᠢ ᠤᠶᠠᠯᠳᠤᠭᠤᠯᠤᠨ᠂ ᠪᠠᠷᠠᠯᠠᠯᠲᠦ ᠴᠢᠨᠠᠷᠲᠠᠢ ᠪᠣᠳᠣᠯᠬᠢᠯᠠᠯ ᠪᠣᠯᠣᠨ ᠵᠢᠮ᠎ᠡ ᠶᠣᠰᠣᠴᠢ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠤᠯᠤᠰ ᠤᠨ | ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃ | ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ᠃ | | | | | |