ᠰᠤ᠋ ᡁᠢ ᠰᠢᠶᠦ᠋ᠡᠭ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠢ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/7/11
      7 ᠳ᠋ᠤᠭᠠᠷ ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠤ᠋ ᡁᠢ ᠰᠢᠶᠦ᠋ᠡᠭ ᠪᠦᠭᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠢ ᠲᠣᠬᠢᠷᠠᠭᠤᠯᠤᠯᠲᠠ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠤᠨ᠂ ᠲᠠᠷᠠᠭᠠᠴᠢ ᠶᠢᠨ ᠠᠵᠢᠯ ᠢ ᠪᠠᠶᠢᠷᠢᠯᠠᠭᠤᠯᠪᠠ᠃      ᠰᠤ᠋ ᡁᠢ ᠰᠢᠶᠦ᠋ᠡᠭ ᠬᠡᠯᠡᠬᠦ ᠳᠡᠭᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ᠂ ᠤᠯᠠᠨ ᠲᠦᠮᠡᠨ ᠤ ᠬᠦᠷᠲᠡᠭᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠵᠢᠯ ᠪᠣᠯᠣᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠱᠠᠯᠠᠪᠳᠠᠵᠤ ᠠᠬᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠡᠳᠬᠢᠯ ᠳᠡᠭᠡᠨ ᠪᠣᠳᠣᠵᠤ᠂ ᠪᠣᠳᠠᠲᠠᠢ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷᠭᠦᠯᠵᠢᠯᠡᠨ ᠣᠨᠣᠪᠴᠢᠲᠠᠢ ᠬᠦᠴᠦᠯᠡᠨ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠭᠦᠷᠭᠡ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠬᠥᠮᠥᠨ ᠳᠤ  ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠬᠤ ᠤᠬᠠᠮᠰᠠᠷ ᠢ ᠳᠡᠭᠡᠭᠰᠢᠯᠡᠭᠦᠯᠦᠨ᠂ ᠪᠠᠷᠢᠯᠭ᠎ᠠ ᠶᠢᠨ ᠠᠬᠢᠴᠠ ᠪᠣᠯᠣᠨ ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠠᠩᠬᠠᠷᠴᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ ᠶᠢ ᠪᠠᠷᠢᠮᠲᠠᠯᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ