︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠢᠭᠡ ᠬᠦᠰᠦᠨᠦᠭᠲᠦ ᠶᠢᠨ ᠪᠣᠯᠪᠠᠰᠤᠷᠠᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2024/7/11
      ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠡᠬᠢ ᠡᠭᠦᠰᠦᠯ ᠠᠴᠠ ᠨᠢ ᠬᠥᠩᠭᠡᠯᠡᠬᠦ ᠶᠢᠨ ᠲᠤᠰᠠᠳᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠶᠢᠨ ᠨᠢᠭᠡ ᠬᠦᠰᠦᠨᠦᠭᠲᠦ ᠶᠢᠨ ᠪᠣᠯᠪᠠᠰᠤᠷᠠᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠪᠡ᠃      ᠪᠣᠯᠪᠠᠰᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠨᠡᠭᠦᠳᠡᠯ ᠦᠵᠦᠭᠦᠷ ᠲᠠᠪᠴᠠᠩ ᠵᠢᠴᠢ ᠺᠣᠮᠫᠢᠦ᠋ᠲ᠋ᠧᠷ ᠤᠨ ᠳ᠋ᠠᠶᠢᠲ᠋ᠠ ᠶᠢ ᠳᠠᠩᠰᠠᠯᠠᠨ ᠣᠷᠣᠭᠤᠯᠬᠤ᠂ ᠬᠡᠷᠡᠭᠯᠡᠬᠦ᠂ ᠡᠷᠢᠬᠦ ᠵᠡᠷᠭᠡ ᠴᠢᠳᠠᠮᠵᠢ ᠳᠤ ᠨᠠᠷᠢᠨ ᠲᠠᠶᠢᠯᠤᠮᠵᠢ ᠬᠢᠭᠰᠡᠨ ᠪᠥᠭᠡᠳ ᠳ᠋ᠠᠶᠢᠲ᠋ᠠ ᠶᠢ ᠲᠡᠮᠳᠡᠭᠯᠡᠨ ᠣᠷᠣᠭᠤᠯᠬᠤ᠂ ᠵᠠᠰᠠᠪᠤᠷᠢ ᠣᠷᠣᠭᠤᠯᠬᠤ ᠵᠡᠷᠭᠡ ᠶᠠᠪᠤᠴᠠ ᠶᠢ ᠳᠡᠯᠭᠡᠨ ᠦᠵᠡᠭᠦᠯᠪᠡ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠧᠦ ᠬᠠᠢ ᠲᠤᠸ ᠪᠦᠯᠬᠦᠮ ᠳᠠᠭᠠᠭᠤᠯᠤᠨ᠂ ᠨᠡᠶᠢᠭᠡᠮ ᠲᠣᠭᠤᠷᠢᠭ ᠲᠤ ᠣᠴᠢᠵᠤ ︽ᠦᠨᠳᠦᠰᠦᠨ ᠳ᠋ᠠᠶᠢᠲ᠋ᠠ ᠶᠢᠨ ᠬᠥᠮᠥᠷᠭᠡ︾ ᠳᠤ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠵᠦ᠂ ᠪᠣᠯᠪᠠᠰᠤᠷᠠᠯ ᠤᠨ ᠠᠭᠤᠯᠭ᠎ᠠ ᠶᠢ ᠦᠨᠳᠦᠰᠦᠨ ᠱᠠᠲᠤᠨ ᠳᠤ ᠣᠨᠣᠪᠴᠢᠲᠠᠶ ᠬᠦᠷᠭᠡᠬᠦ ᠶᠢ ᠪᠠᠲᠤᠯᠠᠨ᠂ ᠬᠤᠶᠢᠰᠢᠳᠠ ᠶᠢᠨ ︽ᠦᠨᠳᠦᠰᠦᠨ  ᠳ᠋ᠠᠶᠢᠲ᠋ᠠ ᠶᠢᠨ ᠬᠥᠮᠥᠷᠭᠡ︾ ᠶᠢᠨ ᠲᠠᠪᠴᠠᠩ ᠤᠨ ᠬᠡᠷᠡᠭᠯᠡᠯᠲᠡ ᠳᠤ ᠪᠠᠲᠤ ᠰᠠᠭᠤᠷᠢ ᠲᠠᠯᠪᠢᠪᠠ᠃      ᠳᠠᠷᠠᠭᠠᠴᠢ ᠶᠢᠨ ᠠᠯᠬᠤᠮ ᠳᠤ᠂ ᠴᠢ ᠫᠠᠨ ᠵᠢᠩ ᠪᠠᠯᠭᠠᠰᠤ ᠦᠨᠳᠦᠰᠦᠨ ᠱᠠᠲᠤᠨ ᠤ ︽ᠳᠠᠷᠤᠭᠠᠰᠤ ᠶᠢ ᠬᠥᠩᠭᠡᠯᠡᠬᠦ︾ ᠪᠠᠷ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠳ᠋ᠠᠶᠢᠲ᠋ᠠ ᠶᠢᠨ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠰᠠᠶᠢᠵᠢᠷᠠᠭᠤᠯᠵᠤ ᠦᠷ᠎ᠡ ᠠᠰᠢᠭ ᠢ ᠨᠡᠮᠡᠭᠳᠡᠭᠦᠯᠦᠨ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠴᠢᠩᠭ᠎ᠠ ᠪᠥᠭᠡᠳ ᠪᠣᠳᠠᠲᠠᠢ ᠠᠳᠬᠤᠨ᠎ᠠ᠃ 
ᠢᠷᠡᠯᠲᠡ᠄ ᠴᠢ ᠫᠠᠨ ᠵᠢᠩ ᠪᠠᠯᠭᠠᠰᠤ