ᠭᠠᠴᠠᠭᠠᠨ ᠤ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠵᠦ  ᠮᠠᠯᠴᠢᠨ ᠲᠠᠷᠢᠶᠠᠴᠢᠨ ᠤ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/11
      ᠤᠲᠤᠭ ᠬᠤᠰᠢᠭᠤᠨ ᠤ ᠤᠯᠠᠭᠠᠨᠪᠠᠯᠭᠠᠰᠤ ᠶᠢᠨ ᠤᠯᠠᠭᠠᠨᠳᠤᠭ ᠭᠠᠴᠠᠭᠠᠨ ᠤ ᠨᠢᠭᠡᠨ ᠮᠠᠯᠴᠢᠨ ᠲᠣᠭᠤᠭᠠᠨ ᠭᠡᠷ ᠲᠠᠬᠢ ᠳᠥᠷᠪᠡᠯᠵᠢᠨ ᠲᠡᠮᠦᠷ ᠠᠪᠳᠠᠷ᠎ᠠ ᠶᠢ ᠵᠢᠭᠠᠭᠠᠳ᠄ ︽ᠥᠩᠭᠡᠷᠡᠭᠰᠡᠨ ᠳᠤ ᠨᠡᠭᠦᠷᠡᠰᠦ ᠰᠢᠲᠠᠭᠠᠵᠤ ᠪᠠᠶᠢᠬᠤ ᠳᠤ᠂ ᠠᠷᠪᠠᠨ ᠬᠡᠳᠦᠨ ᠮᠢᠨᠦ᠋ᠲ ᠪᠣᠯᠣᠮᠠᠨᠵᠢᠨ ᠰᠠᠶ᠋ᠢ ᠰᠢᠲᠠᠳᠠᠭ ᠪᠠᠶᠢᠭᠰᠠᠨ᠂ ᠣᠳᠣ ︿ᠨᠡᠭᠦᠷᠡᠰᠦ  ᠶᠢ ᠴᠠᠬᠢᠯᠭᠠᠨ ᠪᠣᠯᠭᠠᠵᠤ ᠥᠭᠡᠷᠡᠴᠢᠯᠡᠭᠰᠡᠨ﹀ ᠠᠴᠠ ᠠᠮᠠᠷᠬᠠᠨ ᠮᠥᠷᠲᠡᠭᠡᠨ ᠴᠡᠪᠡᠷᠬᠡᠨ ᠪᠠᠶᠢᠵᠦ᠂ ᠬᠤᠲᠠ ᠳᠤ ᠰᠠᠭᠤᠭᠰᠠᠨ ᠲᠠᠢ ᠥᠭᠡᠷ᠎ᠡ ᠦᠭᠡᠢ ᠪᠣᠯᠵᠠᠢ᠂ ᠭᠡᠪᠡᠴᠦ ᠵᠠᠷᠢᠮ ᠦᠶ᠎ᠡ ᠳᠤ ᠴᠠᠬᠢᠯᠭᠠᠨ ᠬᠦᠴᠦᠳᠡᠯ ᠬᠦᠷᠦᠯᠴᠡᠬᠦ ᠦᠭᠡᠢ ᠠᠴᠠ ᠠᠭᠠᠷ ᠤᠨ ᠡᠨᠧᠷᠭᠢ ᠶᠢ ᠪᠦᠷᠢᠨ ᠬᠡᠷᠡᠭᠯᠡᠵᠦ ᠴᠢᠳᠠᠬᠤ ᠦᠭᠡᠢ ᠪᠠᠶᠢᠨ᠎ᠠ︾ ᠭᠡᠪᠡ᠃      ︽ᠮᠠᠨ ᠤ ᠭᠠᠴᠠᠭᠠᠨ ᠤ ᠪᠠᠭ᠋ᠤ ᠳᠤᠭᠤᠶᠢᠯᠠᠩ ᠤᠨ ᠲᠥᠪᠯᠡᠷᠡᠩᠭᠦᠢ ᠰᠠᠭᠤᠷᠢᠰᠢᠯ ᠤᠨ 24 ᠡᠷᠦᠬᠡ᠂ ᠲᠠᠷᠠᠬᠠᠢ ᠰᠠᠭᠤᠷᠢᠰᠢᠭᠰᠠᠨ 10 ᠮᠠᠯᠴᠢᠨ ᠲᠠᠷᠢᠶᠠᠴᠢᠨ ᠡᠷᠦᠬᠡ ᠳᠤ ᠴᠥᠮ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠣᠷᠣᠰᠢᠵᠤ᠂ ᠡᠪᠦᠯ ᠳᠤ ᠨᠢ ᠠᠭᠠᠷ ᠤᠨ ᠡᠨᠧᠷᠭᠢ ᠶᠢ ᠳᠤᠯᠠᠭᠠᠯᠠᠭ᠎ᠠ ᠳᠤ ᠪᠦᠷᠢᠨ ᠬᠡᠷᠡᠭᠯᠡᠵᠦ ᠴᠢᠳᠠᠬᠤ ᠦᠭᠡᠢ ᠪᠠᠶᠢᠨ᠎ᠠ︾ ᠭᠡᠵᠦ ᠤᠯᠠᠭᠠᠨᠳᠤᠭ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠤ ᠵᠥᠪᠯᠡᠯ ᠤᠨ ᠡᠷᠬᠢᠯᠡᠭᠴᠢ ᠣᠳᠬᠤᠨᠪᠢᠯᠢᠭ᠌ ᠶᠠᠷᠢᠨ᠎ᠠ᠃      ᠲᠤᠰ ᠠᠰᠠᠭᠤᠳᠠᠯ ᠢ ᠣᠶᠢᠯᠠᠭᠠᠭᠰᠠᠨ ᠤ ᠳᠠᠷᠠᠭ᠎ᠠ᠂ ᠤᠯᠠᠭᠠᠨᠪᠠᠯᠭᠠᠰᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠲᠠᠢ ᠤᠶᠠᠯᠳᠤᠭᠤᠯᠤᠨ᠂ ᠣᠯᠠᠨ ᠲᠦᠮᠡᠨ ᠤ ᠬᠠᠷᠢᠭᠤ ᠲᠤᠰᠬᠠᠭᠰᠠᠨ᠂ ᠪᠠᠶᠢᠳᠠᠯ ᠢ ᠣᠶᠢᠯᠠᠭᠠᠵᠤ ᠢᠯᠡᠷᠡᠭᠦᠯᠦᠭᠰᠡᠨ ᠠᠰᠠᠭᠤᠳᠠᠯ ᠢ ︽ᠪᠠᠯᠭᠠᠰᠤᠨ ᠳᠤ ᠳᠡᠪᠲᠡᠷ ᠲᠠᠢ᠂ ᠭᠠᠴᠠᠭ᠎ᠠ ᠲᠣᠰᠬᠤᠨ ᠳᠤ ᠬᠦᠰᠦᠨᠦᠭᠲᠦ ᠲᠠᠢ᠂ ᠡᠷᠦᠬᠡ ᠳᠤ ᠲᠠᠩᠰᠠ ᠡᠪᠬᠡᠮᠡᠯ ᠲᠠᠢ︾ ᠪᠠᠶᠢᠬᠤ ᠱᠠᠭᠠᠷᠳᠠᠯᠭ᠎ᠠ ᠶᠣᠰᠣᠭᠠᠷ ᠢᠯᠡᠷᠡᠭᠦᠯᠦᠭᠰᠡᠨ ᠠᠰᠠᠭᠤᠳᠠᠯ ᠢ ᠴᠤᠭᠯᠠᠭᠤᠯᠤᠨ ᠳᠡᠪᠲᠡᠷᠯᠡᠵᠦ᠂ ᠭᠤᠣᠯ ᠤᠳᠤᠷᠢᠳᠤᠯᠭ᠎ᠠ᠂ ᠬᠡᠰᠡᠭ ᠢᠶᠠᠷ ᠳᠠᠭᠠᠭᠠᠴᠢᠯᠠᠭᠰᠠᠨ ᠤᠳᠤᠷᠢᠳᠤᠯᠭ᠎ᠠ᠂ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠠᠰᠢᠭ ᠲᠤᠰᠠ ᠶᠢᠨ ᠬᠠᠮᠢᠶ᠎ᠠ ᠪᠦᠬᠦᠢ ᠲᠠᠯ᠎ᠠ ᠪᠠᠷ ᠪᠦᠷᠢᠯᠳᠦᠭᠰᠡᠨ ᠲᠤᠰᠬᠠᠢ ᠴᠡᠭᠴᠡᠯᠡᠨ ᠵᠠᠰᠠᠬᠤ ᠳᠤᠭᠤᠶᠢᠯᠠᠩ ᠢ ᠪᠠᠶᠢᠭᠤᠯᠤᠨ᠂ ᠠᠬᠢᠭᠤᠯᠬᠤ ᠵᠦᠢᠯᠡᠰ ᠢ ᠵᠢᠭᠰᠠᠭᠠᠨ ᠭᠠᠷᠭᠠᠵᠤ᠂ ᠣᠯᠠᠨ ᠲᠠᠯ᠎ᠠ ᠶᠢᠨ ᠬᠦᠴᠦᠨ ᠢ ᠵᠣᠬᠢᠴᠠᠭᠤᠯᠤᠨ ᠲᠥᠪᠯᠡᠷᠡᠭᠦᠯᠵᠦ ᠣᠯᠠᠨ ᠲᠦᠮᠡᠨ ᠤ ᠬᠠᠷᠢᠭᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠪᠡ᠃      ᠤᠯᠠᠭᠠᠨᠪᠠᠯᠭᠠᠰᠤ ᠶᠢᠨ ᠤᠯᠠᠭᠠᠨᠳᠤᠭ ᠭᠠᠴᠠᠭᠠᠨ ᠤ ᠲᠠᠷᠠᠬᠠᠢ ᠰᠠᠭᠤᠷᠢᠰᠢᠭᠰᠠᠨ 34 ᠮᠠᠯᠴᠢᠨ ᠲᠠᠷᠢᠶᠠᠴᠢᠨ ᠡᠷᠦᠬᠡ ᠶᠢᠨ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠭᠤᠣᠯ ᠤᠳᠤᠷᠢᠳᠤᠯᠭ᠎ᠠ ᠣᠯᠠᠨ ᠤᠳᠠᠭ᠎ᠠ ᠪᠦᠯᠬᠦᠮ ᠳᠠᠭᠠᠭᠤᠯᠤᠨ ᠡᠷᠦᠬᠡ ᠳᠤ ᠬᠦᠷᠴᠦ ᠪᠣᠳᠠᠲᠠᠢ ᠪᠠᠶᠢᠳᠠᠯ ᠢ ᠣᠶᠢᠯᠠᠭᠠᠨ᠂ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠠᠷᠢᠶᠠᠯᠠᠩ ᠤᠨ ᠴᠠᠬᠢᠯᠭᠠᠨ ᠬᠠᠩᠭᠠᠬᠤ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠪᠣᠳᠠᠲᠠᠢ ᠰᠢᠯᠲᠠᠭᠠᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠢᠳᠪᠦᠷᠢᠯᠡᠬᠦ ᠲᠥᠰᠥᠯ ᠲᠣᠭᠲᠠᠭᠠᠪᠠ᠃      ᠲᠠᠷᠢᠶᠠᠯᠠᠩ ᠤᠨ ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠬᠤ ᠪᠠᠷ ᠳᠠᠮᠵᠢᠭᠠᠳ 28 ᠮᠠᠯᠴᠢᠨ ᠲᠠᠷᠢᠶᠠᠴᠢᠨ ᠡᠷᠦᠬᠡ ᠶᠢᠨ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠦᠭᠰᠡᠨ ᠪᠤᠶᠤ ᠰᠣᠯᠢᠵᠤ ᠥᠭᠪᠡ᠃ ᠦᠯᠡᠳᠡᠭᠰᠡᠨ 6 ᠡᠷᠦᠬᠡ ᠠᠴᠠ 1 ᠡᠷᠦᠬᠡ ᠶᠢᠨ ᠪᠠᠷᠢᠯᠭ᠎ᠠ ᠶᠢᠨ ᠠᠵᠢᠯ ᠢ ᠶᠠᠭ ᠬᠢᠵᠦ ᠪᠣᠢ᠂ ᠨᠥᠭᠦᠭᠡ 5 ᠡᠷᠦᠬᠡ ᠳᠤ ᠬᠤᠰᠢᠭᠤᠨ ᠤ ᠲᠠᠷᠢᠶᠠᠯᠠᠩ ᠤᠨ ᠴᠠᠬᠢᠯᠭᠠᠨ ᠤ ᠰᠠᠯᠠᠭ᠎ᠠ ᠮᠥᠴᠢᠷ ᠠᠴᠠ ᠪᠠᠷᠢᠯᠭ᠎ᠠ ᠪᠠᠷᠢᠬᠤ ᠲᠥᠰᠥᠯ ᠲᠥᠯᠥᠪᠯᠡᠵᠦ᠂ ᠵᠢᠱᠢᠯᠲᠡ ᠪᠠᠷ 9 ᠰᠠᠷ᠎ᠠ ᠳᠤ ᠬᠢᠵᠦ ᠳᠠᠭᠤᠰᠬᠠᠨ᠎ᠠ᠃      ︽ᠬᠤᠶᠢᠰᠢᠳᠠ ᠶᠢᠨ ᠠᠵᠢᠯ ᠳᠤ᠂ ᠪᠢᠳᠡ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠠᠯᠴᠢᠨ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠦᠨᠳᠦᠰᠦᠯᠡᠵᠦ ᠪᠠᠶᠢᠭᠠᠳ ᠲᠥᠷᠥᠯ ᠵᠦᠢᠯ ᠤᠨ ᠪᠠᠷᠢᠮᠵᠢᠶ᠎ᠠ ᠶᠢ ᠤᠯᠠᠮ ᠰᠠᠶᠢᠲᠤᠷ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠬᠠᠮᠲᠤ ᠲᠠᠷᠢᠶᠠᠯᠠᠩ ᠤᠨ ᠴᠠᠬᠢᠯᠭᠠᠨ ᠬᠠᠩᠭᠠᠬᠤ ᠲᠣᠪᠴᠢᠶ᠎ᠠ᠂ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ ᠪᠣᠯᠣᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠠᠵᠢᠯ ᠤᠨ ᠬᠢᠨᠠᠯᠲᠠ ᠲᠠᠯᠪᠢᠬᠤ ᠳᠤᠭᠤᠶᠢᠯᠠᠩ ᠪᠠᠶᠢᠭᠤᠯᠵᠤ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠪᠣᠯᠣᠨ ᠶᠠᠰᠤ ᠴᠢᠨᠠᠷ ᠲᠤ ᠪᠥᠬᠦ ᠶᠠᠪᠤᠴᠠ ᠶᠢᠨ ᠬᠢᠨᠠᠯᠲᠠ ᠲᠠᠯᠪᠢᠨ᠂ ︿ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ﹀ ᠲᠥᠷᠥᠯ ᠵᠦᠢᠯ ᠢ ᠬᠡᠷᠡᠭᠵᠢᠭᠦᠯᠦᠭᠰᠡᠨ ᠡᠷᠦᠬᠡ ᠶᠢᠨ ᠠᠭᠠᠷ ᠤᠨ ᠡᠨᠧᠷᠭᠢ ᠶᠢ ᠬᠡᠪ ᠢᠶᠠᠷ ᠬᠡᠷᠡᠭᠯᠡᠵᠦ ᠳᠤᠯᠠᠭᠠᠯᠠᠭ᠎ᠠ ᠬᠠᠩᠭᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠠᠶᠢᠭᠤᠯᠤᠨ᠎ᠠ︾ ᠭᠡᠵᠦ ᠤᠯᠠᠭᠠᠨᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ ᠣᠷᠭᠢᠯ ᠬᠡᠯᠡᠪᠡ᠃      ᠴᠠᠬᠢᠯᠭᠠᠨ ᠬᠦᠴᠦᠳᠡᠯ ᠤᠨ ᠠᠰᠠᠭᠤᠳᠠᠯ ᠢ ᠰᠢᠢᠳᠪᠦᠷᠢᠯᠡᠬᠦ ᠶᠢᠨ ᠳᠠᠭᠠᠤ᠂ ᠤᠯᠠᠭᠠᠨᠪᠠᠯᠭᠠᠰᠤ ᠠᠴᠠ ᠮᠠᠯᠴᠢᠨ ᠲᠠᠷᠢᠶᠠᠴᠢᠨ ᠡᠷᠦᠬᠡ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠰᠠᠶᠢᠲᠤᠷ ᠬᠢᠬᠦ ᠶᠢ ᠬᠥᠲᠥᠯᠥᠨ ᠵᠢᠯᠤᠭᠤᠳᠴᠦ᠂ ᠥᠭᠡᠷᠡᠴᠢᠯᠡᠭᠰᠡᠨ ᠤ ᠳᠠᠷᠠᠭᠠᠬᠢ ᠳᠤᠯᠠᠭᠠᠯᠠᠭ᠎ᠠ ᠶᠢᠨ ᠦᠷ᠎ᠡ ᠪᠦᠲᠦᠮᠵᠢ ᠶᠢ ᠨᠠᠩ ᠰᠠᠶᠢᠨ᠂ ᠴᠠᠬᠢᠯᠭᠠᠨ ᠬᠡᠷᠡᠭᠯᠡᠬᠦ ᠵᠠᠷᠤᠳᠠᠯ ᠢ ᠨᠠᠩ ᠪᠠᠭ᠎ᠠ᠂ ᠮᠠᠯᠴᠢᠨ ᠲᠠᠷᠢᠶᠠᠴᠢᠨ ᠡᠷᠦᠬᠡ ᠶᠢᠨ ᠬᠠᠨᠤᠮᠵᠢ ᠶᠢᠨ ᠬᠡᠮᠵᠢᠶ᠎ᠡ ᠶᠢ ᠨᠠᠩ ᠥᠨᠳᠥᠷ ᠪᠣᠯᠭᠠᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠡᠪᠡᠷ ᠳᠤᠯᠠᠭᠠᠯᠠᠭ᠎ᠠ ᠶᠢᠨ ᠠᠵᠢᠯ ᠢ ᠦᠨᠡᠨᠬᠦ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠠᠶᠢᠨ ᠶᠠᠪᠤᠳᠠᠯ ᠪᠣᠯᠭᠠᠨ ᠠᠳᠬᠤᠪᠠ᠃ ᠡᠭᠦᠨ ᠠᠴᠠ ᠭᠠᠳᠠᠨ᠎ᠠ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠨᠡᠯᠢᠶᠡᠳ ᠠᠨᠠᠢ ᠮᠠᠯᠴᠢᠨ ᠲᠠᠷᠢᠶᠠᠴᠢᠨ ᠡᠷᠦᠬᠡ ᠳᠤ ᠴᠢᠭᠯᠡᠯᠲᠦ ᠴᠢᠨᠠᠷᠲᠠᠢ ᠪᠠᠷ ᠨᠥᠬᠦᠪᠦᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠬᠤᠶᠠᠳᠠᠭᠢ ᠤᠳᠠᠭ᠎ᠠ ᠶᠢᠨ ᠥᠭᠡᠷᠡᠴᠢᠯᠡᠯᠲᠡ ᠬᠢᠵᠦ᠂ ᠮᠠᠯᠴᠢᠨ ᠲᠠᠷᠢᠶᠠᠴᠢᠨ ᠡᠷᠦᠬᠡ ᠶᠢᠨ ᠠᠵᠤ ᠠᠬᠤᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ 
ᠢᠷᠡᠯᠲᠡ᠄ ᠤᠯᠠᠭᠠᠨᠪᠠᠯᠭᠠᠰᠤ