ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠮᠡᠳᠡᠭᠡ ︵2024 ᠣᠨ ᠤ ᠬᠤᠶᠠᠳᠤᠭᠠᠷ ᠬᠤᠭᠤᠴᠠᠭ᠎ᠠ︶᠄ ᠬᠤᠰᠢᠭᠤ ᠳᠠᠷᠤᠭ᠎ᠠ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/15
              ᠬᠤᠰᠢᠭᠤ ᠳᠠᠷᠤᠭ᠎ᠠ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠢ               ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                  ᠣᠲᠤᠭ ᠵᠠᠰᠠᠭ ᠠᠯᠪᠠᠨ ᠲᠠᠷᠬᠠᠭᠠᠭᠰᠠᠨ  ﹇2024﹈ 42 ᠳ᠋ᠤᠭᠠᠷ ᠲᠣᠭᠠᠲᠤᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠠᠵᠢᠯ ᠤᠨ ᠬᠡᠷᠡᠭᠴᠡᠭᠡ ᠠᠴᠠ ᠪᠣᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠶᠠᠷᠢᠯᠴᠠᠭᠠᠳ᠂ ᠬᠤᠰᠢᠭᠤ ᠳᠠᠷᠤᠭ᠎ᠠ᠂ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠪᠠᠷ ᠬᠤᠪᠢᠶᠠᠷᠢᠯᠠᠪᠠ᠄       ᠰᠤ᠋ ᡁᠢ ᠰᠢᠶᠦ᠋ᠩ    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ       ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠬᠢᠨᠠᠨ ᠪᠤᠳᠤᠬᠤ ᠲᠣᠪᠴᠢᠶ᠎ᠠ ︵ᠬᠢᠨᠠᠨ ᠪᠤᠳᠤᠬᠤ ᠦᠢᠯᠡᠰ ᠤᠨ ᠬᠥᠭᠵᠢᠭᠦᠯᠦᠯᠲᠡ ᠶᠢᠨ ᠲᠥᠪ︶᠃       ᠰᠢᠦᠢ ᠷᠦᠢ ᠹᠧᠩ    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ᠂ ᠠᠶᠣᠯᠭᠦᠢ ᠦᠢᠯᠡᠳᠪᠦᠷᠢᠯᠡᠯ ᠤᠨ ᠠᠵᠢᠯ ᠵᠢᠴᠢ ᠶᠡᠷᠦᠩᠬᠡᠢ ᠠᠵᠤ ᠠᠬᠤᠢ ᠶᠢᠨ ᠡᠷᠭᠢᠯᠲᠡ ᠶᠢ ᠬᠠᠷᠢᠭᠤᠴᠠᠨ᠎ᠠ᠃  ᠬᠤᠰᠢᠭᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠠᠵᠢᠯ ᠢ ᠬᠤᠪᠢᠶᠠᠨ ᠬᠠᠮᠢᠶᠠᠷᠤᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠵᠠᠰᠠᠭ ᠤᠨ ᠣᠷᠳᠣᠨ ᠤ ᠠᠯᠪᠠᠨ ᠭᠡᠷ ︵ᠬᠥᠭᠵᠢᠭᠦᠯᠦᠯᠲᠡ ᠶᠢᠨ ᠰᠤᠳᠤᠯᠭᠠᠨ ᠤ ᠲᠥᠪ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ  ᠬᠥᠭᠵᠢᠭᠦᠯᠦᠯᠲᠡ ᠶᠢᠨ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠡᠳ᠋ ᠤᠨ ᠵᠠᠰᠠᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ / ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠮᠥᠩᠭᠦᠨ ᠭᠦᠢᠯᠭᠡᠭᠡᠨ ᠤ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠥᠪ︶᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠲᠤᠭ᠎ᠠ ᠪᠦᠷᠢᠳᠬᠡᠯ ᠤᠨ ᠲᠣᠪᠴᠢᠶ᠎ᠠ᠃ ᠬᠤᠰᠢᠭᠤ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠶᠠᠨ ᠬᠠᠮᠢᠶᠠᠷᠤᠨ᠎ᠠ᠃       ᠬᠠᠷᠢᠯᠴᠠᠬᠤ ᠨᠢᠭᠡᠴᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠣᠲᠤᠭ ᠬᠤᠰᠢᠭᠤᠨ ᠤ ᠬᠤᠷᠢᠶ᠎ᠠ᠂ ᠪᠠᠶᠢᠭᠤᠯᠤᠮᠵᠢ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠣᠲᠤᠭ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ︵ᠬᠠᠮᠲᠤᠷᠠᠯᠴᠠᠭ᠎ᠠ ᠰᠣᠯᠢᠯᠴᠠᠭᠠᠨ ᠤ ᠲᠥᠪ︶᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ︵ᠨᠠᠰᠤᠲᠠᠶᠢᠴᠤᠳ ᠤᠨ ᠶᠡᠭᠡ ᠰᠤᠷᠭᠠᠭᠤᠯᠢ︶᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠣᠲᠤᠭ ᠤᠨ ᠪᠠᠶᠢᠴᠠᠭᠠᠯᠲᠠ ᠶᠢᠨ ᠠᠩᠭᠢ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠲᠤᠭ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠣᠲᠤᠭ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ᠂ ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠪᠠᠶᠢᠭᠤᠯᠤᠮᠵᠢ᠃       ᠯᠢ ᡁᠢ ᠪᠢᠶᠣᠣ   ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠠ ᠬᠠᠮᠢᠶ᠎ᠠ ᠪᠦᠬᠦᠢ ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ᠂ ᠭᠠᠵᠠᠷ ᠰᠢᠷᠣᠢ᠂ ᠤᠰᠤ᠂ ᠣᠶ ᠰᠢᠭᠤᠢ ᠨᠤᠲᠤᠭ ᠪᠡᠯᠴᠢᠭᠡᠷ ᠵᠡᠷᠭᠡ ᠴᠢᠬᠤᠯᠠ ᠬᠦᠴᠦᠨ ᠵᠦᠢᠯ ᠢ ᠪᠠᠲᠤᠯᠠᠬᠤ ᠠᠵᠢᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠡᠨᠧᠷᠭᠢ᠂ ᠬᠤᠳᠠᠯᠳᠤᠭᠠᠨ ᠤ ᠶᠠᠪᠤᠳᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠭᠠᠳᠠᠭᠠᠳᠤ ᠬᠠᠮᠲᠤᠷᠠᠯᠴᠠᠭ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ / ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ /  ᠵᠤᠭᠠᠩ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠦᠢᠯᠡᠴᠢᠯᠡᠭᠡᠨ ᠤ ᠲᠥᠪ︶᠂ ᠤᠰᠤᠨ ᠠᠰᠢᠭᠯᠠᠯᠲᠠ ᠶᠢᠨ ᠲᠣᠪᠴᠢᠶ᠎ᠠ ︵ᠠᠵᠤ ᠦᠢᠯᠡᠳᠪᠦᠷᠢ ᠶᠢᠨ ᠤᠰᠤ ᠬᠡᠷᠡᠭᠯᠡᠬᠦ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠠᠯ᠎ᠠ ᠪᠠᠷ︶᠂ ᠡᠨᠧᠷᠭᠢ ᠶᠢᠨ ᠲᠣᠪᠴᠢᠶ᠎ᠠ ︵ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠡᠨᠧᠷᠭᠢ ᠶᠢᠨ  ᠬᠥᠭᠵᠢᠭᠦᠯᠦᠯᠲᠡ ᠶᠢ ᠠᠬᠢᠭᠤᠯᠬᠤ ᠲᠥᠪ︶᠂ ᠣᠷᠳᠣᠰ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠣᠲᠤᠭ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠢᠯᠡᠴᠢᠯᠡᠭᠡᠨ ᠤ ᠲᠥᠪ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃       ᠬᠠᠷᠢᠯᠴᠠᠬᠤ ᠨᠢᠭᠡᠴᠢ᠄ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠲᠤᠭ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠴᠢ ᠫᠠᠨ ᠵᠢᠩ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠴᠢᠯᠠᠭᠤᠨ ᠲᠣᠰᠣᠨ ᠤ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠣᠲᠤᠭ ᠬᠤᠰᠢᠭᠤᠨ ᠤ ᠡᠵᠡᠩᠨᠡᠯᠲᠡ ᠶᠢᠨ ᠭᠠᠵᠠᠷ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠣᠲᠤᠭ ᠬᠤᠰᠢᠭᠤᠨ ᠤ ᠡᠵᠡᠩᠨᠡᠯᠲᠡ ᠶᠢᠨ ᠭᠠᠵᠠᠷ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠣᠲᠤᠭ ᠬᠤᠰᠢᠭᠤᠨ ᠤ ᠡᠵᠡᠩᠨᠡᠯᠲᠡ ᠶᠢᠨ ᠭᠠᠵᠠᠷ᠃       ᠣᠳᠤ    ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠮᠵᠢᠨ ᠠᠵᠢᠯᠲᠠᠨ ᠤ ᠶᠠᠪᠤᠳᠠᠯ ᠬᠥᠳᠡᠯᠮᠦᠷᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠬᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ︵ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠲᠥᠪ / ᠲᠣᠮᠣ ᠳ᠋ᠠᠶᠢᠲ᠋ᠠ ᠶᠢᠨ ᠲᠥᠪ / ᠠᠵᠤ ᠠᠬᠤᠶᠢᠯᠠᠯ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ︶᠂ ᠠᠷᠠᠳ ᠤᠨ ᠶᠠᠪᠤᠳᠠᠯ ᠤᠨ ᠲᠣᠪᠴᠢᠶ᠎ᠠ ︵ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ / ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠃       ᠬᠠᠷᠢᠯᠴᠠᠬᠤ ᠨᠢᠭᠡᠴᠢ᠄ ᠨᠠᠪᠴᠢᠨ ᠲᠠᠮᠠᠬᠢ ᠲᠤᠰᠬᠠᠢ ᠪᠣᠷᠣᠯᠠᠭᠤᠯᠬᠤ ᠲᠣᠪᠴᠢᠶ᠎ᠠ᠃       ᠣᠶᠤᠨᠪᠠᠭᠠᠨ᠎ᠠ     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ       ᠬᠤᠰᠢᠭᠤᠨ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠦᠯᠵᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠦᠯᠵᠢᠯᠠᠯ ᠤᠨ ᠲᠣᠪᠴᠢᠶ᠎ᠠ᠃       ᠬᠠᠷᠢᠯᠴᠠᠬᠤ ᠨᠢᠭᠡᠴᠢ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠃       ᠼᠦᠢ ᠵᠢᠩ   ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠳᠡᠳ᠋ ᠳᠠᠷᠤᠭ᠎ᠠ       ᠲᠦᠷ ᠲᠤᠰᠢᠶᠠᠯ ᠡᠭᠦᠷᠭᠡᠯᠡᠬᠦ ᠪᠠᠷ ᠭᠠᠳᠠᠭᠰᠢ ᠭᠠᠷᠪᠠ᠃       ᠭᠦᠸᠧ ᠵᠣᠣ ᠬᠤᠶ   ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠡᠷᠭᠢᠯᠡᠬᠦ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠢ ᠨᠤᠲᠤᠭ ᠪᠡᠯᠴᠢᠭᠡᠷ᠂ ᠤᠰᠤᠨ ᠠᠰᠢᠭᠯᠠᠯᠲᠠ ᠭᠤᠣᠯ ᠮᠥᠷᠡᠨ ᠨᠠᠭᠤᠷ ᠴᠥᠬᠦᠷᠣᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠬᠦᠷᠣᠮ ᠡᠪᠡᠰᠦ ᠪᠡᠯᠴᠢᠭᠡᠷ ᠡᠯᠡᠰᠦ ᠮᠠᠩᠬ᠎ᠠ ᠶᠢᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠢ ᠬᠠᠮᠵᠢᠨ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠭᠦᠯᠦᠯᠲᠡ ᠶᠢᠨ ᠲᠥᠪ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ  ᠬᠤᠷᠢᠭᠯᠠᠬᠤ ᠲᠥᠪ︶᠂ ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠳᠣᠰᠤᠲᠤ ᠶᠢᠨ ᠭᠤᠣᠯ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ / ᠳᠠᠯᠠᠨᠲᠦ᠋ᠷᠦᠭᠦᠦ ᠡᠯᠡᠰᠦ ᠵᠠᠰᠠᠬᠤ ᠥᠷᠲᠡᠭᠡ︶᠂ ᠥᠪᠥᠷ ᠮᠣᠩᠭᠤᠯ ᠤᠨ ᠮᠦ ᡁᠢ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃       ᠬᠠᠷᠢᠯᠴᠠᠬᠤ ᠨᠢᠭᠡᠴᠢ᠄ ᠪᠠᠷᠠᠭᠤᠨ ᠣᠷᠳᠣᠰ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ︵ᠣᠲᠤᠭ ᠤᠨ ᠠᠪᠤᠷᠭᠤ ᠭᠦᠷᠪᠡᠯ ᠤᠨ  ᠮᠥᠷ ᠤᠨ ᠴᠢᠯᠠᠭᠤᠵᠢᠮᠠᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ︶᠂ ᠴᠠᠭ ᠠᠭᠤᠷ ᠤᠨ ᠲᠣᠪᠴᠢᠶ᠎ᠠ᠂ ᠰᠢᠤᠳᠠᠨ ᠤ ᠺᠣᠮᠫᠠᠨᠢ ᠶᠢᠨ ᠤᠳᠤᠭ ᠬᠤᠰᠢᠭᠤᠨ ᠤ ᠬᠤᠪᠢᠶᠠᠷᠢ ᠺᠣᠮᠫᠠᠨᠢ᠂ ᠬᠤᠳᠠ ᠶᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠤᠳᠤᠭ ᠤᠨ ᠵᠠᠰᠠᠮᠠᠯ ᠵᠠᠮ ᠤᠨ ᠠᠵᠢᠯ ᠤᠨ ᠲᠣᠭᠤᠷᠢᠭ᠂ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠤᠭ ᠬᠤᠰᠢᠭᠤᠨ ᠤ ᠶᠡᠭᠡ ᠠᠩᠭᠢ᠂ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠤᠳᠤᠭ ᠤᠨ ᠬᠤᠪᠢᠶᠠᠷᠢ ᠲᠥᠪ᠂ ᠤᠳᠤᠭ ᠬᠤᠰᠢᠭᠤᠨ ᠤ ᠤᠯᠠᠭᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠯ᠎ᠡ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ᠂ ᠮᠠᠰᠢᠨ ᠲᠡᠷᠭᠡᠨ ᠤ ᠦᠷᠳᠡᠭᠡ᠂ ᠵᠢᠯᠣᠭᠤᠴᠢ ᠶᠢᠨ ᠰᠤᠷᠭᠠᠭᠤᠯᠢ᠃       ᠨᠠᠰᠤᠨᠳᠡᠯᠭᠡᠷ    ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ ᠬᠤᠰᠢᠭᠤ ᠳᠠᠷᠤᠭ᠎ᠠ ᠶᠢ ᠬᠠᠮᠵᠢᠨ ᠬᠤᠲᠠ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠰ᠂ ᠬᠤᠲᠠ ᠶᠢᠨ ᠬᠠᠮᠢᠶᠠᠷᠤᠯᠲᠠ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠶᠠᠨ ᠬᠠᠮᠢᠶᠠᠷᠬᠤ ᠪᠠᠶᠢᠭᠤᠯᠭ᠎ᠠ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠬᠥᠷᠥᠩᠭᠡ ᠶᠢᠨ ᠠᠷᠠᠯᠵᠢᠶᠠᠨ ᠤ ᠲᠥᠪ︶᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠮᠦᠽᠧᠢ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠠᠭᠠᠨᠮᠥ᠋ᠴᠢᠷ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠡᠭᠦᠷᠭᠡ ᠴᠢᠳᠠᠪᠤᠷᠢ︶᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠯᠠᠨ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ᠂ ᠠᠷᠵᠠᠢ ᠴᠢᠯᠠᠭᠤᠨ ᠠᠭᠤᠢ ᠶᠢᠨ ᠰᠤᠳᠤᠯᠭᠠᠨ ᠤ ᠬᠦᠷᠢᠶᠡᠯᠡᠩ᠂ ᠵᠧᠩ ᠾᠧ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃       ᠬᠠᠷᠢᠯᠴᠠᠬᠤ ᠨᠢᠭᠡᠴᠢ᠄ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠲᠤᠭ ᠤᠨ ᠬᠤᠪᠢᠶᠠᠷᠢ ᠺᠣᠮᠫᠠᠨᠢ᠃ ᠯᠢᠦ ᠰᠢᠨ   ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠦᠷ ᠲᠤᠰᠢᠶᠠᠯ ᠡᠭᠦᠷᠭᠡᠯᠡᠵᠦ ᠪᠠᠶᠢᠭ᠎ᠠ ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠮᠵᠢᠨ ᠬᠠᠩᠭᠠᠨ ᠪᠣᠷᠣᠯᠠᠭᠤᠯᠬᠤ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ︔ ᠬᠤᠰᠢᠭᠤ ᠳᠡᠳ᠋ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ︶ ᠶᠢ ᠬᠠᠮᠢᠶᠠᠷᠤᠨ᠎ᠠ︔ ᠬᠤᠰᠢᠭᠤ ᠳᠡᠳ᠋ ᠳᠠᠷᠤᠭ᠎ᠠ ᠶᠢ ᠬᠠᠮᠵᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠬᠥᠷᠥᠩᠭᠡ ᠶᠢᠨ ᠠᠷᠠᠯᠵᠢᠶᠠᠨ ᠤ ᠲᠥᠪ︶ ᠶᠢ ᠬᠠᠮᠢᠶᠠᠷᠤᠨ᠎ᠠ᠃       ᠬᠠᠷᠢᠯᠴᠠᠬᠤ ᠨᠢᠭᠡᠴᠢ᠄ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ       ᠱᠢ ᠢ ᠯᠧᠢ    ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠦᠷ ᠲᠤᠰᠢᠶᠠᠯ ᠡᠭᠦᠷᠭᠡᠯᠡᠵᠦ ᠪᠠᠶᠢᠭ᠎ᠠ ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ᠬᠤᠪᠢᠶᠠᠨ ᠬᠠᠮᠢᠶᠠᠷᠬᠤ ᠪᠠᠶᠢᠭᠤᠯᠭ᠎ᠠ᠄ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ / ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︔ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶ ᠢ ᠬᠠᠮᠢᠶᠠᠷᠤᠨ᠎ᠠ᠃       ᠬᠠᠷᠢᠯᠴᠠᠬᠤ ᠨᠢᠭᠡᠴᠢ᠄ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠲᠤᠭ ᠬᠤᠰᠢᠭᠤᠨ ᠤ ᠦᠢᠯᠡᠴᠢᠯᠡᠭᠡᠨ ᠤ ᠭᠠᠵᠠᠷ᠃       ᠬᠠ ᠶᠦᠩ ᠬᠤᠩ    ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ       ᠬᠤᠰᠢᠭᠤ ᠳᠠᠷᠤᠭ᠎ᠠ ᠶᠢ ᠬᠠᠮᠵᠢᠨ ᠲᠤᠰᠢᠶᠠᠨ ᠰᠢᠢᠳᠪᠦᠷᠢᠯᠡᠭᠦᠯᠬᠦ ᠭᠤᠣᠯ ᠡᠭᠦᠷᠭᠡ ᠶᠢ ᠰᠠᠶᠢᠲᠤᠷ ᠭᠦᠢᠴᠡᠳᠬᠡᠵᠦ᠂ ᠦᠨᠳᠦᠰᠦᠲᠡᠨ ᠤ ᠬᠡᠷᠡᠭ ᠶᠠᠪᠤᠳᠠᠯ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃       ᠬᠠᠷᠢᠯᠴᠠᠬᠤ ᠨᠢᠭᠡᠴᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠶᠡᠷᠦᠩᠬᠡᠢ ᠡᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ᠃                                                                                                        ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                   2024 ᠣᠨ ᠤ 6 ᠳ᠋ᠤᠭᠠᠷ ᠰᠠᠷ᠎ᠠ ᠶᠢᠨ 18 ᠤ ᠡᠳᠦᠷ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ