ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠮᠡᠳᠡᠭᠡ ︵2024 ᠣᠨ ᠤ ᠬᠤᠶᠠᠳᠤᠭᠠᠷ ᠬᠤᠭᠤᠴᠠᠭ᠎ᠠ︶᠄ ︽ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡ᠊
ᠨᠡᠶᠢᠲᠡᠯᠡᠭᠰᠡᠨ ᠴᠠᠭ᠄
2024/7/15
        ︽ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ         ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ         ᠠᠯᠪᠠᠨ ᠭᠡᠷ ᠤᠨ ᠮᠡᠳᠡᠭᠳᠡᠯ                     ᠣᠲᠤᠭ ᠵᠠᠰᠠᠭ ᠠᠯᠪᠠᠨ ᠲᠠᠷᠬᠠᠭᠠᠭᠰᠠᠨ ﹇2024﹈ 43 ᠳ᠋ᠤᠭᠠᠷ ᠲᠣᠭᠠᠲᠤᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂   ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ︽ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠳᠦᠷᠢᠮ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ  ᠲᠣᠭᠤᠰᠢᠯᠠᠭᠤᠯᠤᠨ ᠬᠡᠷᠡᠭᠵᠢᠭᠦᠯᠲᠦᠭᠡᠢ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠶᠢᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢ ᠪᠠᠲᠤ ᠪᠤᠢ ᠪᠣᠯᠭᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠤᠬᠠᠮᠰᠠᠷ ᠠᠴᠠ ᠪᠠᠨ ᠴᠢᠩᠭᠠᠳᠬᠠᠨ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠲᠤᠰᠢᠶᠠᠯ ᠢᠶᠠᠨ ᠴᠢᠩᠭ᠎ᠠ ᠬᠡᠷᠡᠭᠵᠢᠭᠦᠯᠦᠨ᠂ ᠬᠠᠤᠯᠢ ᠰᠤᠷᠤᠯᠴᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠤᠴᠢᠷ ᠭᠦᠢᠴᠡᠳᠬᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃                                                                                            ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                    2024 ᠣᠨ ᠤ 6 ᠳ᠋ᠤᠭᠠᠷ ᠰᠠᠷ᠎ᠠ ᠶᠢᠨ 30 ᠤ ᠡᠳᠦᠷ             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠳᠦᠷᠢᠮ      ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠣᠭᠲᠠᠴᠠ ᠶᠢ  ᠲᠡᠭᠦᠯᠳᠡᠷᠵᠢᠭᠦᠯᠦᠨ᠂ ᠤᠳᠤᠷᠢᠳᠬᠤ ᠺᠠᠳ᠋ᠷᠴᠣᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ ︵ᠲᠥᠪ ᠲᠠᠷᠬᠠᠭᠠᠭᠰᠠᠨ ﹇2021﹈ 33 ᠳ᠋ᠤᠭᠠᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠬᠢᠭᠡᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠭᠠᠷᠳᠠᠨ ᠪᠠᠶᠢᠴᠠᠭᠠᠬᠤ ᠠᠵᠢᠯ ᠤᠨ ᠲᠣᠭᠲᠠᠭᠠᠯ︾ ︵ᠲᠢᠩᠬᠢᠮ ᠥᠰᠥᠭ ﹇2019﹈ 28 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠢᠶᠠᠨ ᠵᠠᠰᠠᠬᠤ ᠠᠯᠪᠠᠨ ᠭᠡᠷ ᠤᠨ ︽ᠤᠳᠤᠷᠢᠳᠬᠤ ᠺᠠᠳ᠋ᠷᠴᠣᠳ ᠤᠨ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠨᠠᠷᠢᠨ ᠳᠠᠩᠰᠠ ᠶᠢᠨ ᠳᠦᠷᠢᠮ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠳᠣᠲᠣᠭᠠᠳᠤ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠢᠶᠠᠨ ᠵᠠᠰᠠᠬᠤ ᠠᠯᠪᠠᠨ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ︶ ᠢ ᠦᠨᠳᠦᠰᠦᠯᠡᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠳᠦᠷᠢᠮ ᠢ ᠲᠣᠭᠲᠠᠭᠠᠪᠠ᠃       ᠨᠢᠭᠡᠳᠦᠭᠡᠷ ᠵᠦᠢᠯ   ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ ᠦᠨᠳᠦᠰᠦᠨ ᠬᠠᠤᠯᠢ ᠶᠢ ᠳᠡᠭᠡᠳᠦᠯᠡᠬᠦ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤ  ᠪᠣᠶ ᠪᠣᠯᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠤᠬᠠᠮᠰᠠᠷ ᠠᠴᠠ ᠪᠠᠨ ᠴᠢᠩᠭᠠᠳᠬᠠᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠴᠢᠩᠳᠠᠯᠠᠨ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃       ᠬᠤᠶᠠᠳᠤᠭᠠᠷ ᠵᠦᠢᠯ   ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠨᠢ ᠬᠠᠤᠯᠢ ᠰᠣᠷᠣᠯᠴᠠᠬᠤ ᠳᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠣᠷᠣᠭᠰᠠᠨ ᠢᠶᠠᠨ ᠬᠡᠷᠡᠭᠯᠡᠬᠦ᠂ ᠣᠨᠣᠯ ᠢ ᠪᠣᠳᠠᠲᠠᠢ ᠲᠠᠢ ᠤᠶᠠᠯᠳᠤᠭᠤᠯᠬᠤ ᠵᠠᠷᠴᠢᠮ ᠢ ᠴᠢᠬᠤᠯᠠᠴᠢᠯᠠᠨ᠂ ᠲᠥᠪ ᠤᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠠᠵᠢᠯ ᠪᠠ ᠴᠢᠬᠤᠯᠠ ᠶᠡᠭᠡ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ ᠲᠠᠢ  ᠤᠶᠠᠯᠳᠤᠭᠤᠯᠵᠤ᠂ ᠬᠠᠤᠯᠢ ᠰᠤᠷᠤᠯᠴᠠᠬᠤ ᠶᠢᠨ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠎ᠠ᠃       ᠭᠤᠷᠪᠠᠳᠤᠭᠠᠷ ᠵᠦᠢᠯ    ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠨᠢ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠪᠠ ᠲᠤᠰᠬᠠᠢ ᠰᠡᠳᠦᠪᠲᠦ ᠲᠠᠶᠢᠯᠤᠮᠵᠢ ᠬᠢᠬᠦ ᠠᠷᠭ᠎ᠠ ᠪᠠᠷ ᠬᠠᠤᠯᠢ ᠶᠢ ᠰᠤᠷᠤᠯᠴᠠᠨ᠎ᠠ᠃ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠶᠢ ᠵᠠᠷᠴᠢᠮ ᠳᠡᠭᠡᠷ᠎ᠡ ᠪᠠᠨ ᠰᠠᠷ᠎ᠠ ᠪᠦᠷᠢ ᠨᠢᠭᠡ ᠤᠳᠠᠭ᠎ᠠ ᠲᠣᠬᠢᠷᠠᠭᠤᠯᠤᠨ᠎ᠠ︔ ᠲᠤᠰᠬᠠᠢ ᠰᠡᠳᠦᠪᠲᠦ ᠲᠠᠶᠢᠯᠤᠮᠵᠢ ᠶᠢ ᠵᠢᠯ ᠪᠦᠷᠢ 2 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠤᠳᠤᠷᠢᠳᠬᠤ ᠺᠠᠳ᠋ᠷᠴᠤᠳ ᠢ ᠲᠥᠪᠯᠡᠷᠡᠭᠦᠯᠦᠨ ᠬᠠᠤᠯᠢ ᠰᠤᠷᠤᠯᠴᠠᠭᠤᠯᠬᠤ ᠶᠢᠨ ᠵᠡᠷᠭᠡᠪᠡᠷ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ ᠥᠪᠡᠷᠲᠡᠭᠡᠨ ᠰᠤᠷᠤᠯᠴᠠᠭᠤᠯᠤᠨ᠎ᠠ᠃      ᠳᠥᠷᠪᠡᠳᠦᠭᠡᠷ ᠵᠦᠢᠯ  ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠶᠢᠨ ᠰᠤᠷᠤᠯᠴᠠᠯᠭ᠎ᠠ ᠶᠢ ᠬᠤᠰᠢᠭᠤ ᠳᠠᠷᠤᠭ᠎ᠠ ᠪᠤᠶᠤ ᠬᠤᠰᠢᠭᠤ ᠳᠠᠷᠤᠭ᠎ᠠ ᠠᠴᠠ ᠪᠠᠶᠢᠩᠭᠤ ᠶᠢᠨ  ᠬᠤᠰᠢᠭᠤ ᠳᠡᠳ᠋ ᠳᠠᠷᠤᠭ᠎ᠠ ᠳᠤ ᠨᠠᠶᠢᠳᠠᠨ ᠡᠷᠬᠢᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ᠂ ᠰᠤᠯᠠ ᠣᠷᠣᠯᠴᠠᠭᠰᠠᠳ ᠪᠠ ᠪᠤᠰᠤᠳ ᠰᠤᠯᠠ ᠣᠷᠣᠯᠴᠠᠭᠰᠠᠳ ᠢ ᠤᠷᠢᠵᠤ ᠰᠤᠷᠤᠯᠴᠠᠯᠭ᠎ᠠ ᠳᠤ ᠣᠷᠣᠯᠴᠠᠭᠤᠯᠤᠨ᠂ ᠴᠢᠬᠤᠯᠠᠲᠠᠢ ᠦᠶ᠎ᠡ ᠳᠤ ᠬᠤᠰᠢᠭᠤᠨ ᠤ ᠵᠠᠰᠠᠭ ᠤᠨ ᠣᠷᠳᠣᠨ ᠤ ᠪᠦᠷᠢᠯᠳᠦᠭᠦᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠳ ᠢ ᠣᠷᠣᠯᠴᠠᠭᠤᠯᠵᠤ ᠪᠣᠯᠣᠨ᠎ᠠ᠃ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ᠎ᠠ᠃       ᠲᠠᠪᠤᠳᠤᠭᠠᠷ ᠵᠦᠢᠯ    ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠠᠭᠤᠯᠭ᠎ᠠ ᠳᠤ ᠭᠤᠣᠯᠳᠠᠭᠤ᠄       ︵ᠨᠢᠭᠡ︶ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︔       ︵ᠬᠤᠶᠠᠷ︶ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠪᠣᠳᠣᠯᠭ᠎ᠠ ᠶᠢ ᠬᠡᠷᠡᠭᠵᠢᠭᠦᠯᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠵᠢᠴᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠲᠣᠭᠲᠠᠯᠴᠠᠭᠠᠨ ᠤ ᠦᠨᠳᠦᠰᠦᠨ ᠤᠨᠤᠯ︔      ︵ᠭᠤᠷᠪᠠ︶ ᠦᠨᠳᠦᠰᠦᠨ ᠬᠠᠤᠯᠢ ᠵᠢᠴᠢ ᠵᠠᠰᠠᠭ ᠤᠨ ᠣᠷᠳᠣᠨ ᠤ ᠠᠵᠢᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ︔       ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠶᠢᠲᠡᠯᠡᠭᠰᠡᠨ ᠰᠢᠨ᠎ᠡ ᠪᠠᠷ ᠵᠠᠰᠠᠪᠤᠷᠢ ᠣᠷᠣᠭᠤᠯᠤᠨ ᠬᠡᠷᠡᠭᠵᠢᠭᠦᠯᠦᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ︔       ︵ᠲᠠᠪᠤ︶ ᠨᠢᠭᠤᠴᠠ ᠶᠢ ᠬᠠᠮᠠᠭᠠᠯᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠵᠡᠷᠭᠡ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠦᠷᠢᠮ ᠪᠠ ᠬᠤᠯᠪᠣᠭᠳᠠᠯ ᠪᠦᠬᠦᠢ ᠳᠦᠷᠢᠮ︔      ︵ᠵᠢᠷᠭᠤᠭ᠎ᠠ︶ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ︔       ︵ᠲᠤᠯᠤᠭ᠎ᠠ︶ ᠠᠵᠢᠯ ᠤᠨ ᠬᠡᠷᠡᠭᠴᠡᠭᠡ ᠪᠠᠨ ᠦᠨᠳᠦᠰᠦᠯᠡᠨ ᠨᠡᠮᠡᠬᠦ ᠴᠢᠬᠤᠯᠠᠲᠠᠢ ᠬᠠᠤᠯᠢ ᠰᠤᠷᠤᠯᠴᠠᠬᠤ ᠲᠤᠬᠠᠢ ᠪᠤᠰᠤᠳ ᠠᠭᠤᠯᠭ᠎ᠠ᠃       ᠵᠢᠷᠭᠤᠳᠤᠭᠠᠷ ᠵᠦᠢᠯ  ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠲᠥᠯᠥᠪᠯᠡᠭᠡ ᠶᠢ ᠣᠨ ᠢᠶᠠᠷ ᠲᠣᠭᠲᠠᠭᠠᠵᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠣᠨ ᠤ ᠬᠠᠤᠯᠢ ᠰᠤᠷᠤᠯᠴᠠᠬᠤ ᠲᠥᠯᠥᠪᠯᠡᠭᠡ ᠶᠢ ᠲᠣᠭᠤᠷᠪᠢᠵᠣ ᠲᠣᠭᠲᠠᠭᠠᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠭᠤᠣᠯ ᠰᠡᠳᠦᠪ ᠪᠠ ᠡᠷᠬᠢᠯᠡᠨ ᠭᠦᠢᠴᠡᠳᠬᠡᠬᠦ ᠪᠠᠶᠢᠭᠤᠯᠭ᠎ᠠ ᠶᠢ ᠲᠣᠭᠲᠠᠭᠠᠵᠤ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠂ ᠠᠵᠢᠯ ᠤᠨ ᠬᠡᠷᠡᠭᠴᠡᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠨᠡᠶᠢᠲᠡᠯᠡᠭᠰᠡᠨ ᠪᠠᠶᠢᠳᠠᠯ ᠢ ᠦᠨᠳᠦᠰᠦᠯᠡᠨ᠂ ᠣᠨ ᠤ ᠬᠠᠤᠯᠢ ᠰᠤᠷᠤᠯᠴᠠᠬᠤ ᠲᠥᠯᠥᠪᠯᠡᠭᠡ ᠶᠢᠨ ᠠᠭᠤᠯᠭ᠎ᠠ ᠪᠠ ᠬᠡᠯᠪᠡᠷᠢ ᠳᠤ ᠲᠣᠬᠢᠷᠠᠭᠤᠯᠤᠯᠲᠠ ᠬᠢᠵᠦ ᠪᠣᠯᠣᠨ᠎ᠠ᠃       ᠳᠣᠯᠣᠳᠤᠭᠠᠷ ᠵᠦᠢᠯ   ᠣᠨ ᠤ ᠬᠠᠤᠯᠢ ᠰᠤᠷᠤᠯᠴᠠᠬᠤ ᠲᠥᠯᠥᠪᠯᠡᠭᠡ ᠳᠤ ᠵᠢᠭᠰᠠᠭᠠᠭᠰᠠᠨ ᠬᠠᠤᠯᠢ ᠴᠠᠭᠠᠵᠠ᠂ ᠬᠠᠤᠯᠢ ᠳᠦᠷᠢᠮ ᠲᠣᠭᠲᠠᠭᠠᠯ ᠪᠠ ᠬᠤᠯᠪᠣᠭᠳᠠᠯ ᠪᠦᠬᠦᠢ ᠳᠦᠷᠢᠮ ᠳᠤ ᠲᠣᠭᠲᠠᠭᠠᠭᠰᠠᠨ ᠬᠠᠷᠢᠭᠤᠴᠠᠯᠭᠠᠲᠤ ᠪᠠᠶᠢᠭᠤᠯᠭ᠎ᠠ ᠨᠤᠭᠤᠳ ᠬᠢᠴᠢᠶᠡᠯ ᠣᠷᠣᠬᠤ ︵ᠲᠠᠶᠢᠯᠤᠮᠵᠢ ᠬᠢᠬᠦ︶ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ ᠤᠨ ᠠᠵᠢᠯᠲᠠᠨ ᠢ ᠰᠣᠩᠭᠤᠨ ᠤᠷᠢᠬᠤ ᠶᠢ ᠬᠠᠷᠢᠭᠤᠴᠠᠬᠤ ᠶᠢᠨ ᠬᠠᠮᠲᠤ᠂ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠬᠠᠤᠯᠢ ᠴᠠᠭᠠᠵᠠ ᠰᠤᠷᠤᠯᠴᠠᠬᠤ ᠳᠤ ᠬᠡᠷᠡᠭᠯᠡᠬᠦ ᠨᠣᠮ᠂ ᠤᠩᠰᠢᠬᠤ ᠪᠢᠴᠢᠭ ᠪᠤᠶᠤ ᠰᠤᠷᠤᠯᠴᠠᠬᠤ ᠮᠠᠲ᠋ᠧᠷᠢᠶᠠᠯ ᠢ ᠬᠠᠩᠭᠠᠨ᠎ᠠ᠃ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠬᠡᠯᠪᠡᠷᠢ ᠪᠠᠷ ᠰᠤᠷᠤᠯᠴᠠᠪᠠᠯ᠂ ᠡᠩ ᠤᠨ ᠪᠠᠶᠢᠳᠠᠯ ᠳᠤ ᠬᠢᠴᠢᠶᠡᠯᠯᠡᠬᠦ ᠬᠠᠷᠢᠭᠤᠴᠠᠯᠭᠠᠲᠤ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠢᠶᠠᠷ ᠭᠤᠣᠯ ᠲᠠᠶᠢᠯᠪᠤᠷᠢᠯᠠᠭᠴᠢ ᠪᠣᠯᠭᠠᠵᠤ᠂ ᠬᠢᠴᠢᠶᠡᠯᠯᠡᠬᠦ ᠠᠭᠤᠯᠭ᠎ᠠ ᠳᠤ ᠬᠠᠤᠯᠢ ᠴᠠᠭᠠᠵᠠ ᠶᠢᠨ ᠭᠤᠣᠯ ᠵᠣᠷᠢᠭ ᠰᠠᠨᠠᠭᠠᠨ ᠤ ᠲᠣᠭᠲᠠᠭᠠᠯ ᠬᠢᠭᠡᠳ ᠮᠠᠨ ᠤ ᠬᠤᠰᠢᠭᠤᠨ ᠤ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠷᠣᠭᠤᠯᠵᠤ ᠪᠢᠴᠢᠭ ᠤᠨ ᠮᠠᠲ᠋ᠧᠷᠢᠶᠠᠯ ᠪᠣᠯᠭᠠᠨ᠎ᠠ︔ ᠲᠤᠰᠬᠠᠢ ᠰᠡᠳᠦᠪᠲᠦ ᠲᠠᠶᠢᠯᠤᠮᠵᠢ ᠪᠠᠷ ᠬᠠᠤᠯᠢ ᠰᠤᠷᠤᠯᠴᠠᠪᠠᠯ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠤᠶᠤ ᠬᠠᠮᠢᠶ᠎ᠠ ᠪᠦᠬᠦᠢ ᠬᠠᠷᠢᠭᠤᠴᠠᠯᠭᠠᠲᠤ ᠪᠠᠶᠢᠭᠤᠯᠭ᠎ᠠ ᠠᠴᠠ ᠠᠵᠢᠯ ᠲᠥᠷᠥᠯ ᠤᠨ ᠳᠣᠲᠣᠷᠠᠬᠢ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠤᠬᠠᠢ ᠶᠢᠨ ᠲᠠᠯᠠᠪᠤᠷ ᠲᠤ ᠬᠢᠴᠢᠶᠡᠯ ᠣᠷᠣᠭᠤᠯᠤᠨ᠎ᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠮᠡᠳᠡᠭᠦᠯᠦᠯᠲᠡ ᠪᠤᠶᠤ ᠲᠤᠰᠬᠠᠢ ᠰᠡᠳᠦᠪᠲᠦ ᠲᠠᠶᠢᠯᠤᠮᠵᠢ ᠶᠢᠨ ᠠᠭᠤᠯᠭ᠎ᠠ ᠵᠢᠴᠢ ᠶᠠᠷᠢᠶᠠᠨ ᠤ ᠨᠣᠣᠷᠠᠭ ᠢ ᠬᠢᠨᠠᠨ ᠬᠠᠷᠭᠤᠭᠤᠯᠬᠤ ᠠᠵᠢᠯ ᠢ ᠵᠢᠭᠠᠨ ᠵᠢᠯᠣᠭᠤᠳᠤᠨ᠎ᠠ᠃       ᠨᠠᠢᠮᠠᠳᠤᠭᠠᠷ ᠵᠦᠢᠯ    ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ