︽ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ 2024 ᠣᠨ ᠤ ᠬᠠᠤᠯᠢ | ᠰᠤᠷᠤᠯᠴᠠᠬᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ | ᠣᠲᠤᠭ ᠵᠠᠰᠠᠭ ᠠᠯᠪᠠᠨ ᠲᠠᠷᠬᠠᠭᠠᠭᠰᠠᠨ ﹇2024﹈ 44 ᠳ᠋ᠦ᠋ᠭᠡᠷ ᠲᠣᠭᠠᠲᠤ | | | ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠂ | ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ 2024 ᠣᠨ ᠤ ᠬᠠᠤᠯᠢ ᠰᠤᠷᠤᠯᠴᠠᠬᠤ ᠲᠥᠯᠥᠪᠯᠡᠭᠡ︾ ᠶᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ | ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 6 ᠳ᠋ᠤᠭᠠᠷ ᠰᠠᠷ᠎ᠠ ᠶᠢᠨ 30 ᠤ ᠡᠳᠦᠷ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ | 2024 ᠣᠨ ᠤ ᠬᠠᠤᠯᠢ ᠰᠤᠷᠤᠯᠴᠠᠬᠤ ᠲᠥᠯᠥᠪᠯᠡᠭᠡ | | ᠨᠢᠭᠡ᠂ ᠰᠣᠷᠣᠯᠴᠠᠬᠤ ᠠᠭᠤᠯᠭ᠎ᠠ | ︵ᠨᠢᠭᠡ︶ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ | ⒈︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 6 ᠳ᠋ᠤᠭᠠᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | ⒉︽ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 6 ᠳ᠋ᠤᠭᠠᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ⒊︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 7 ᠳ᠋ᠤᠭᠠᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ⒋︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 8 ᠳ᠋ᠤᠭᠠᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ⒌︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠺᠣᠳ᠋ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠢ ᠠᠬᠢᠭᠤᠯᠬᠤ ᠬᠠᠤᠯᠢ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 9 ᠳ᠋ᠦ᠋ᠭᠡᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠬᠤᠰᠢᠭᠤᠨ ᠤ | ᠠᠵᠤ ᠦᠢᠯᠡᠳᠪᠦᠷᠢ ᠮᠡᠳᠡᠭᠡ ᠵᠠᠩᠭᠢᠵᠢᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ⒍︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 10 ᠳ᠋ᠤᠭᠠᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | ⒎︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 11 ᠳ᠋ᠦ᠋ᠭᠡᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ | ⒏︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠡᠬᠢ ᠪᠠᠶᠠᠯᠢᠭ ᠤᠨ ᠬᠠᠤᠯᠢ︾ | ᠰᠤᠷᠤᠯᠴᠠᠬᠤ ᠪᠠᠷ ᠲᠥᠯᠥᠪᠯᠡᠭᠰᠡᠨ ᠴᠠᠭ᠄ 2024 ᠣᠨ ᠤ 12 ᠳ᠋ᠤᠭᠠᠷ ᠰᠠᠷ᠎ᠠ | ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ︵ᠬᠤᠶᠠᠷ︶ ᠲᠤᠰᠬᠠᠢ ᠰᠡᠳᠦᠪᠲᠦ ᠲᠠᠶᠢᠯᠤᠮᠵᠢ ᠪᠠᠷ ᠬᠠᠤᠯᠢ ᠰᠤᠷᠤᠯᠴᠠᠬᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ | ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾ ᠢ ᠭᠤᠣᠯᠳᠠᠯᠭ᠎ᠠ | ᠲᠠᠢ ᠰᠤᠷᠤᠯᠴᠠᠵᠤ᠂ ᠪᠥᠬᠦ ᠬᠤᠲᠠ ᠵᠢᠴᠢ ᠪᠥᠬᠦ ᠬᠤᠰᠢᠭᠤᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ | ᠲᠤᠰᠬᠠᠢ ᠰᠡᠳᠦᠪᠲᠦ ᠬᠠᠤᠯᠢ ᠰᠤᠷᠤᠯᠴᠠᠯᠭ᠎ᠠ ᠤᠨ ᠭᠤᠣᠯ ᠰᠡᠳᠦᠪ ᠪᠠ ᠴᠠᠭ ᠬᠤᠭᠤᠴᠠᠭ᠎ᠠ ᠶᠢ ᠲᠣᠭᠲᠠᠭᠠᠵᠤ᠂ ᠲᠣᠬᠢᠶᠠᠯ ᠢ ᠵᠠᠪᠳᠤᠨ ᠲᠤᠰᠬᠠᠢ ᠮᠡᠷᠭᠡᠵᠢᠯᠲᠡᠨ | ᠡᠷᠳᠡᠮᠲᠡᠨ ᠢ ᠤᠷᠢᠵᠤ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠬᠢᠯᠭᠡᠨ᠎ᠡ᠃ | ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠭᠤᠣᠯ ᠲᠠᠶᠢᠯᠪᠤᠷᠢᠯᠠᠭᠴᠢ ᠲᠣᠰ ᠲᠥᠯᠥᠪᠯᠡᠭᠡ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠷᠢᠳᠴᠢᠯᠠᠨ ᠭᠦᠨᠵᠡᠭᠡᠢ ᠰᠤᠷᠤᠯᠴᠠᠵᠤ | ᠰᠤᠳᠤᠯᠤᠨ᠂ ᠮᠠᠨ ᠤ ᠬᠤᠰᠢᠭᠤᠨ ᠤ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠤᠶᠠᠯᠳᠤᠭᠤᠯᠵᠤ᠂ ᠬᠢᠴᠢᠶᠡᠯᠯᠡᠬᠦ ᠬᠥᠲᠥᠯᠪᠦᠷᠢ ᠶᠢ ᠨᠠᠷᠢᠨ ᠨᠢᠮᠪᠠᠢ | ᠪᠢᠴᠢᠨ᠂ ᠭᠤᠣᠯᠳᠠᠯᠭ᠎ᠠ ᠶᠢ ᠳᠣᠪᠣᠶᠢᠯᠭᠠᠵᠤ ᠲᠣᠳᠣᠷᠬᠠᠢ ᠪᠣᠯᠭᠠᠨ᠂ ᠬᠠᠤᠯᠢ ᠰᠤᠷᠤᠯᠴᠠᠬᠤ ᠶᠠᠰᠤ ᠴᠢᠨᠠᠷ ᠢ ᠪᠠᠲᠤᠯᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ | ᠬᠠᠤᠯᠢ ᠰᠤᠷᠤᠯᠴᠠᠬᠤ ᠮᠠᠲ᠋ᠧᠷᠢᠶᠠᠯ ᠢᠶᠠᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠤᠷᠢᠳᠴᠢᠯᠠᠨ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠭᠰᠠᠨ ᠤ | ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ | ︵ᠬᠤᠶᠠᠷ︶ ᠬᠠᠤᠯᠢ ᠰᠤᠷᠤᠯᠴᠠᠬᠤ ᠴᠠᠭ ᠤᠨ ᠳᠠᠷᠠᠭᠠᠯᠠᠯ ᠢ ᠵᠠᠷᠴᠢᠮ ᠳᠡᠭᠡᠷ᠎ᠡ ᠪᠠᠨ ᠲᠣᠰ ᠲᠥᠯᠥᠪᠯᠡᠭᠡ ᠶᠣᠰᠣᠭᠠᠷ ᠬᠡᠷᠡᠭᠵᠢᠭᠦᠯᠦᠨ᠎ᠡ᠂ ᠬᠡᠷᠪᠡ ᠤᠯᠤᠰ᠂ | ᠥᠪᠡᠷᠲᠡᠭᠡᠨ ᠵᠠᠰᠠᠬᠤ ᠣᠷᠣᠨ ᠤ ᠰᠢᠨ᠎ᠡ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠵᠦ ᠴᠠᠭ ᠲᠤᠬᠠᠢ ᠳᠤᠨᠢ ᠲᠣᠬᠢᠷᠠᠭᠤᠯᠤᠨ ᠰᠤᠷᠤᠯᠴᠠᠭᠤᠯᠬᠤ | ᠴᠢᠬᠤᠯᠠ ᠲᠠᠢ ᠪᠣᠯ᠂ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠰᠲᠠᠢ ᠲᠣᠬᠢᠷᠠᠭᠤᠯᠤᠯᠲᠠ ᠬᠢᠵᠦ᠂ ᠰᠤᠷᠤᠯᠴᠠᠬᠤ ᠠᠭᠤᠯᠭ᠎ᠠ ᠶᠢ ᠰᠢᠨ᠎ᠡ ᠪᠠᠷ ᠨᠡᠮᠡᠵᠦ ᠪᠣᠯᠣᠨ᠎ᠠ᠃ | ︵ᠭᠤᠷᠪᠠ︶ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠲᠣᠰ ᠭᠠᠵᠠᠷ ᠣᠷᠣᠨ᠂ ᠲᠣᠰ ᠰᠢᠰᠲ᠋ᠧᠮ ᠤᠨ ᠢᠶᠠᠨ ᠰᠢᠨ᠎ᠡ | ᠬᠠᠤᠯᠢ ᠲᠣᠭᠲᠠᠭᠠᠯ ᠪᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠯᠭ᠎ᠠ ᠪᠣᠯᠪᠠᠰᠤᠷᠠᠯ ᠤᠨ ᠲᠥᠯᠥᠪᠯᠡᠭᠡ ᠶᠢ ᠨᠠᠷᠢᠨ ᠨᠢᠮᠪᠠᠢ ᠲᠣᠭᠲᠠᠭᠠᠵᠤ᠂ ᠬᠠᠤᠯᠢ | ᠰᠤᠷᠤᠯᠴᠠᠬᠤ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠬᠤ ᠪᠠ ᠨᠠᠶᠢᠳᠠᠪᠤᠷᠢᠵᠢᠭᠤᠯᠤᠨ᠂ ᠰᠤᠷᠤᠯᠴᠠᠯᠭ᠎ᠠ ᠪᠣᠯᠪᠠᠰᠤᠷᠠᠯ ᠢᠶᠠᠷ ᠬᠠᠤᠯᠢ ᠪᠠᠷ ᠵᠠᠰᠠᠬᠤ ᠰᠡᠳᠬᠢᠬᠦᠢ | ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | |